ᠦᠬᠠᠶ ᠵᠠᠰᠠᠭ ᠠᠯᠪᠠᠨ ᠲᠠᠷᠬᠠᠭᠠᠭᠰᠠᠨ ︹ 2021 ︺ 45 ᠳ᠋ᠤᠭᠠᠷ ᠲᠣᠭᠠᠲᠤ | ᠬᠢᠵᠠᠭᠠᠷᠯᠠᠭᠰᠠᠨ ᠲᠤᠭ᠎ᠠ ᠠᠴᠠ ᠳᠣᠷᠣᠭᠰᠢᠬᠢ ᠬᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ | ᠢᠨᠵᠧᠨᠧᠷᠢᠩ ᠤᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠡᠭᠦᠷᠭᠡ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠲᠤᠬᠠᠶ ᠦᠬᠠᠶ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠮᠡᠳᠡᠭᠳᠡᠯ | | ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠳᠠ ᠶᠢᠨ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠡᠯ᠎ᠡ ᠬᠤᠯᠪᠤᠭᠳᠠᠯ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ᠮᠠᠨ ᠤ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠤ᠂ | ᠬᠢᠵᠠᠭᠠᠷᠯᠠᠭᠰᠠᠨ ᠲᠤᠭ᠎ᠠ ᠠᠴᠠ ᠳᠣᠷᠣᠭᠰᠢᠬᠢ ᠬᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ | ᠢᠨᠵᠧᠨᠧᠷᠢᠩ ᠤᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠦᠷ᠎ᠡ | ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ | ᠰᠢᠢᠳᠪᠦᠷᠢᠯᠡᠬᠦ ᠳᠤ ᠲᠥᠬᠦᠮ ᠦᠵᠡᠭᠦᠯᠬᠦ ᠶᠢᠨ ᠲᠤᠰᠠᠳᠠ᠂ ︽ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ | ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠬᠠᠮᠢᠶᠠᠷᠤᠯᠲᠠ ᠶᠢᠨ ᠲᠦᠷ | ᠬᠡᠷᠡᠭᠵᠢᠭᠦᠯᠬᠦ ᠲᠣᠭᠲᠠᠭᠠᠯ︾ ︵ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠶᠠᠮᠤᠨ ᠤ ᠵᠠᠷᠯᠢᠭ 51 ᠳ᠋ᠦᠭᠡᠷ ᠲᠣᠭᠠᠲᠤ᠂ ᠳᠣᠷᠣᠭᠰᠢ ︽ᠲᠦᠷ ᠬᠡᠷᠡᠭᠵᠢᠭᠦᠯᠬᠦ ᠲᠣᠭᠲᠠᠭᠠᠯ︾ ᠭᠡᠵᠦ | ᠲᠣᠪᠴᠢᠯᠠᠨ᠎ᠠ︶᠂ ︽ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠰᠡᠷᠭᠡᠶᠢᠯᠡᠨ ᠤᠨᠲᠠᠷᠠᠭᠠᠬᠤ ᠵᠢᠷᠤᠭ | ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠤᠨ ᠨᠠᠷᠢᠨ ᠲᠦᠷᠢᠮ︾ ︵ᠪᠥᠲᠥᠭᠡᠨ | ᠪᠠᠶᠢᠭᠤᠯᠤᠯᠲᠠ ᠶᠢᠨ ᠰᠠᠯᠠᠭ᠎ᠠ ᠮᠥᠴᠢᠷ ᠲᠣᠭᠲᠠᠭᠠᠯ︹ 2020 ︺ 5 ᠳ᠋ᠤᠭᠠᠷ ᠲᠣᠭᠠᠲᠤ︶ ᠵᠢᠴᠢ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠦᠨᠳᠦᠰᠦᠯᠡᠨ᠂ ︽ᠪᠥᠲᠥᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠬᠢᠨᠠᠯᠲᠠ ᠬᠠᠮᠢᠶᠠᠷᠤᠯᠲᠠ ᠶᠢᠨ ᠲᠣᠭᠲᠠᠭᠠᠯ︾ ︵ | ᠳᠣᠲᠣᠭᠠᠳᠤ ᠶᠢ ᠬᠠᠮᠠᠭᠠᠯᠠᠬᠤ ᠶᠠᠮᠤᠨ ᠤ ᠵᠠᠷᠯᠢᠭ 119 ᠳ᠋ᠣᠭᠡᠷ ᠲᠣᠭᠠᠲᠤ︶ ᠢᠶᠠᠷ ᠯᠠᠪᠯᠠᠯᠲᠠ ᠪᠣᠯᠭᠠᠵᠤ᠂ ︽ᠬᠡᠷ | ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠠᠷᠢᠯᠭ᠎ᠠ ᠶᠢᠨ ᠪᠠᠷᠢᠯᠭ᠎ᠠ | ᠪᠠᠷᠢᠬᠤ ᠵᠥᠪᠰᠢᠶᠡᠷᠡᠯ ᠤᠨ ᠬᠢᠵᠠᠭᠠᠷᠯᠠᠭᠰᠠᠨ ᠲᠤᠭ᠎ᠠ ᠳᠤ ᠲᠣᠬᠢᠷᠠᠭᠤᠯᠤᠯᠲᠠ ᠬᠢᠬᠦ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠢᠩᠬᠢᠮ ᠤᠨ ᠮᠡᠳᠡᠭᠳᠡᠯ︾ ᠤᠨ ᠬᠤᠯᠪᠤᠭᠳᠠᠯ ᠪᠥᠬᠦᠶ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠲᠠ ᠶᠢᠨ | ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠪᠣᠳᠠᠲᠠᠶ ᠲᠠᠢ ᠤᠶᠠᠯᠳᠤᠭᠤᠯᠵᠤ᠂ | ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠬᠢᠳᠡᠯ ᠢᠶᠠᠷ ᠲᠣᠯᠢ ᠪᠣᠯᠭᠠᠵᠤ᠂ ᠬᠤᠯᠪᠤᠭᠳᠠᠯ ᠪᠥᠬᠦᠶ ᠠᠵᠢᠯ ᠤᠨ | ᠡᠭᠦᠷᠭᠡ ᠬᠠᠷᠢᠭᠤᠴᠠᠯᠭ᠎ᠠ ᠶᠢ ᠲᠣᠭᠲᠠᠭᠠᠪᠡ᠃ | ᠨᠢᠭᠡ᠂ ᠴᠤᠪᠤᠷᠠᠯ ᠢᠶᠠᠨ ᠳᠥᠭᠦᠮᠴᠢᠯᠡᠵᠦ᠂ ᠬᠢᠵᠠᠭᠠᠷᠯᠠᠭᠰᠠᠨ ᠲᠤᠭ᠎ᠠ ᠠᠴᠠ ᠳᠣᠷᠣᠭᠰᠢᠬᠢ ᠢᠨᠵᠧᠨᠧᠷᠢᠩ ᠤᠨ | ᠭᠠᠯ ᠰᠡᠷᠭᠡᠶᠢᠯᠡᠨ ᠤᠨᠲᠠᠷᠠᠭᠠᠬᠤ ᠶᠢ ᠬᠢᠨᠠᠨ ᠰᠢᠯᠭᠠᠬᠤ ᠲᠠᠰ ᠳᠠᠷᠠᠭᠠᠯᠠᠯ ᠢᠶᠠᠨ ᠤᠯᠠᠮ ᠨᠢᠭᠡ ᠠᠯᠬᠤᠮ | ᠰᠢᠯᠢᠳᠡᠭᠵᠢᠭᠦᠯᠬᠦ ᠬᠡᠷᠡᠭᠲᠡᠶ | ︵ᠨᠢᠭᠡ︶ ᠬᠢᠵᠠᠭᠠᠷᠯᠠᠭᠰᠠᠨ ᠲᠤᠭ᠎ᠠ ᠠᠴᠠ ᠳᠣᠷᠣᠭᠰᠢᠬᠢ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ | ᠬᠡᠷᠡᠭᠯᠡᠬᠦ ᠬᠡᠪᠴᠢᠶ᠎ᠡ ᠶᠢ ᠲᠣᠳᠣᠷᠬᠠᠶᠢᠯᠠᠬᠤ ᠬᠡᠷᠡᠭᠲᠡᠶ᠃ ᠲᠣᠰ ᠮᠡᠳᠡᠭᠳᠡᠯ ᠳᠤ ᠵᠢᠭᠠᠵᠤ ᠪᠠᠶᠢᠭ᠎ᠠ ᠬᠢᠵᠠᠭᠠᠷᠯᠠᠭᠰᠠᠨ | ᠲᠤᠭ᠎ᠠ ᠠᠴᠠ ᠳᠣᠷᠣᠭᠰᠢᠬᠢ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠭᠡᠳᠡᠭ ᠨᠢ ᠮᠠᠨ ᠤ ᠬᠤᠲᠠ ᠶᠢᠨ ᠵᠠᠰᠠᠭ | ᠵᠠᠬᠢᠷᠭᠠᠨ ᠤ ᠣᠷᠣᠨ ᠤ ᠬᠡᠪᠴᠢᠶᠡᠨ ᠳᠣᠲᠣᠷ᠎ᠠ᠂ ᠪᠠᠷᠢᠯᠭ᠎ᠠ ᠶᠢᠨ ᠪᠡᠯᠡ ᠣᠷᠣᠭᠤᠯᠤᠯᠲᠠ ᠶᠢᠨ ᠲᠤᠭ᠎ᠠ ᠨᠢ 100 | ᠲᠦᠮᠡᠨ ᠲᠥᠭᠦᠷᠢᠭ ᠠᠴᠠ ᠳᠣᠷᠣᠭᠰᠢ ᠪᠤᠶᠤ ᠪᠠᠷᠢᠯᠭ᠎ᠠ ᠶᠢᠨ ᠲᠠᠯᠠᠪᠠᠢ ᠨᠢ 500 ᠲᠡᠭᠰᠢ ᠳᠥᠷᠪᠡᠯᠵᠢᠨ ᠮᠧᠲᠷ ᠠᠴᠠ | ᠳᠣᠷᠣᠭᠰᠢ ᠪᠠᠶᠢᠭ᠎ᠠ ᠭᠡᠷ ᠪᠠᠶᠢᠰᠢᠩ ᠤᠨ ᠪᠠᠷᠢᠯᠭ᠎ᠠ ᠪᠣᠯᠤᠨ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ | ᠪᠠᠷᠢᠯᠭ᠎ᠠ ᠶᠢ ᠵᠢᠭᠠᠵᠤ ᠪᠣᠢ᠃ | ︵ᠬᠤᠶᠠᠷ︶ ᠬᠢᠵᠠᠭᠠᠷᠯᠠᠭᠰᠠᠨ ᠲᠤᠭ᠎ᠠ ᠠᠴᠠ ᠳᠣᠷᠣᠭᠰᠢᠬᠢ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ | ᠭᠠᠯ ᠰᠡᠷᠭᠡᠶᠢᠯᠡᠨ ᠤᠨᠲᠠᠷᠠᠭᠠᠬᠤ ᠶᠢ ᠬᠢᠨᠠᠨ ᠰᠢᠯᠭᠠᠬᠤ ᠲᠡᠰ ᠳᠠᠷᠠᠭᠠᠯᠠᠯ ᠢᠶᠠᠨ ᠰᠢᠯᠢᠳᠡᠭᠵᠢᠭᠦᠯᠬᠦ ᠬᠡᠷᠡᠭᠲᠡᠶ᠃ ︽ᠲᠦᠷ | ᠬᠡᠷᠡᠭᠵᠢᠭᠦᠯᠬᠦ ᠲᠣᠭᠲᠠᠭᠠᠯ︾ ᠤᠨ ᠠᠷᠪᠠᠨ ᠳᠥᠷᠪᠡᠳᠦᠭᠡᠷ ᠵᠦᠢᠯ ᠤᠨ ᠲᠣᠭᠲᠠᠭᠠᠯ ᠠᠴᠠ ᠭᠠᠳᠠᠨᠠᠬᠢ ᠮᠥᠷᠲᠡᠭᠡᠨ | ᠬᠢᠵᠠᠭᠠᠷᠯᠠᠭᠰᠠᠨ ᠲᠤᠭ᠎ᠠ ᠠᠴᠠ ᠳᠣᠷᠣᠭᠰᠢᠬᠢ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠡᠷᠡᠭᠯᠡᠬᠦ ᠬᠡᠪᠴᠢᠶᠡᠨ | ᠳᠤ ᠨᠡᠶᠢᠴᠡᠬᠦ᠂ ᠪᠠᠷᠢᠯᠭ᠎ᠠ ᠶᠢᠨ ᠠᠵᠢᠯ ᠤᠨ ᠵᠥᠪᠰᠢᠶᠡᠷᠡᠯ ᠢ ᠬᠠᠤᠯᠢ ᠶᠣᠰᠣᠭᠠᠷ ᠤᠯᠬᠤ ᠴᠢᠬᠤᠯᠠ ᠥᠭᠡᠢ ᠭᠡᠷ | ᠪᠠᠶᠢᠰᠢᠩ ᠤᠨ ᠪᠠᠷᠢᠯᠭ᠎ᠠ ᠪᠣᠯᠤᠨ ᠬᠤᠳᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠠᠷᠢᠯᠭ᠎ᠠ ᠳᠤ ᠭᠠᠯ | ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠳᠤ ᠭᠠᠯ | ᠤᠨᠲᠠᠷᠠᠭᠠᠬᠤ ᠲᠠᠩᠰᠠᠯᠠᠯᠳᠠ ᠬᠢᠬᠦ ᠥᠭᠡᠢ ᠪᠠᠶᠢᠵᠤ ᠪᠣᠯᠤᠨ᠎ᠠ᠃ ᠬᠡᠷᠪᠡ ᠪᠠᠷᠢᠯᠭ᠎ᠠ ᠪᠠᠷᠢᠭᠤᠯᠬᠤ ᠨᠢᠭᠡᠴᠡ ᠨᠢ | ᠬᠢᠵᠠᠭᠠᠷᠯᠠᠭᠰᠠᠨ ᠲᠤᠭ᠎ᠠ ᠠᠴᠠ ᠳᠣᠷᠣᠭᠰᠢᠬᠢ ᠭᠡᠷ ᠪᠠᠶᠢᠰᠢᠩ ᠤᠨ ᠪᠠᠷᠢᠯᠭ᠎ᠠ ᠶᠢᠨ ᠭᠠᠯ ᠰᠡᠷᠭᠡᠶᠢᠯᠡᠨ ᠤᠨᠲᠠᠷᠠᠭᠠᠬᠤ | ᠵᠢᠷᠤᠭ ᠲᠥᠯᠥᠪᠯᠡᠭᠡ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠳᠤ ᠭᠠᠯ ᠰᠡᠷᠭᠡᠶᠢᠯᠡᠨ ᠤᠨᠲᠠᠷᠠᠭᠠᠬᠤ | ᠲᠠᠩᠰᠠᠯᠠᠯᠳᠠ ᠬᠢᠯᠭᠡᠬᠦ ᠪᠠᠷ ᠰᠠᠨᠠᠭᠠᠴᠢᠯᠠᠭ᠎ᠠ ᠠᠴᠠ ᠪᠠᠨ ᠭᠤᠶᠤᠴᠢᠯᠠᠭᠰᠠᠨ ᠪᠠᠶᠢᠪᠠᠯ᠂ ᠬᠠᠷᠢᠶ᠎ᠠ ᠭᠠᠵᠠᠷ ᠤᠨ ᠣᠷᠣᠨ | ᠰᠠᠭᠤᠴᠠ ᠪᠣᠯᠤᠨ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠬᠥᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ︽ᠲᠥᠷ ᠬᠡᠷᠡᠭᠵᠢᠭᠦᠯᠬᠦ ᠲᠣᠭᠲᠠᠭᠠᠯ︾ ᠢ ᠴᠢᠩᠭ᠎ᠠ | ᠵᠢᠷᠤᠮᠯᠠᠨ ᠬᠡᠷᠡᠭᠵᠢᠭᠦᠯᠬᠦ ᠬᠡᠷᠡᠭᠲᠡᠶ ᠪᠥᠭᠡᠳ ᠪᠠᠷᠢᠯᠭ᠎ᠠ ᠪᠠᠷᠢᠬᠤ ᠶᠢ ᠵᠥᠪᠰᠢᠶᠡᠷᠡᠬᠦ ᠪᠠᠷ ᠤᠷᠢᠳᠠᠴᠢ ᠨᠥᠬᠦᠴᠡᠯ | ᠪᠣᠯᠭᠠᠵᠤ ᠪᠣᠯᠬᠤ ᠥᠭᠡᠢ᠃ | ᠬᠤᠶᠠᠷ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠬᠢᠵᠠᠭᠠᠷᠯᠠᠭᠰᠠᠨ ᠲᠤᠭ᠎ᠠ ᠠᠴᠠ ᠳᠣᠷᠣᠭᠰᠢᠬᠢ | ᠪᠠᠷᠢᠯᠭ᠎ᠠ ᠶᠢᠨ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠪᠠᠨ | ᠤᠯᠠᠮ ᠨᠢᠭᠡ ᠠᠯᠬᠤᠮ ᠴᠢᠩᠭᠠᠷᠠᠭᠤᠯᠬᠤ ᠬᠡᠷᠡᠭᠲᠡᠶ | ︵ᠨᠢᠭᠡ︶ ᠬᠠᠷᠢᠭᠤᠴᠠᠯᠭ᠎ᠠ ᠶᠢᠨ ᠭᠤᠣᠯ ᠴᠣᠭᠴᠠ ᠶᠢᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ | ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠶ | 1. ᠪᠦᠲᠦᠭᠡᠨ ᠪᠠᠶᠢᠭᠤᠯᠬᠤ ᠨᠢᠭᠡᠴᠡ ᠪᠣᠯ ᠬᠢᠵᠠᠭᠠᠷᠯᠠᠭᠰᠠᠨ ᠲᠤᠭ᠎ᠠ ᠠᠴᠠ ᠳᠣᠷᠣᠭᠰᠢᠬᠢ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢ ᠬᠡᠷᠡᠭᠵᠢᠭᠦᠯᠬᠦ ᠭᠤᠣᠯ ᠴᠣᠭᠴᠠ ᠪᠣᠯᠤᠨ᠎ᠠ᠂ ᠬᠠᠤᠯᠢ ᠶᠣᠰᠣᠭᠠᠷ ᠪᠠᠷᠢᠯᠭ᠎ᠠ ᠶᠢᠨ | ᠭᠠᠯ ᠤᠨᠲᠠᠷᠠᠭᠠᠬᠤ ᠪᠠᠷᠢᠯᠭ᠎ᠠ ᠶᠢᠨ ᠶᠠᠰᠤ ᠴᠢᠨᠠᠷ ᠲᠤ ᠲᠡᠷᠢᠭᠦᠨ ᠴᠢᠬᠤᠯᠠ ᠬᠠᠷᠢᠭᠤᠴᠠᠯᠭ᠎ᠠ ᠶᠢ ᠡᠭᠦᠷᠭᠡᠯᠡᠵᠦ᠂ 365bet400电话_365bet亚洲官方_www.28365-365.com | ᠪᠠᠷᠢᠯᠭ᠎ᠠ ᠶᠢᠨ ᠭᠠᠯ ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ ᠶᠢᠨ ᠱᠠᠭᠠᠷᠳᠠᠯᠭ᠎ᠠ ᠪᠣᠯᠤᠨ ᠭᠡᠷ᠎ᠡ ᠶᠢᠨ | ᠪᠣᠯᠵᠤᠭ᠎ᠠ ᠶᠣᠰᠣᠭᠠᠷ᠂ ᠬᠢᠷᠢ ᠲᠡᠩᠴᠡᠭᠰᠡᠨ ᠭᠠᠯ ᠤᠨᠲᠠᠷᠠᠭᠠᠬᠤ ᠦᠢᠯᠡᠳᠬᠦᠨ ᠪᠣᠯᠤᠨ ᠭᠠᠯ ᠰᠡᠷᠭᠡᠶᠢᠯᠡᠬᠦ | ᠴᠢᠳᠠᠮᠵᠢ ᠶᠢᠨ ᠱᠠᠭᠠᠷᠳᠠᠯᠭ᠎ᠠ ᠶᠢ ᠬᠠᠩᠭᠠᠭᠰᠠᠨ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ ᠪᠦᠲᠦᠴᠡ ᠲᠤᠨᠤᠭ | ᠰᠡᠯᠪᠢᠭᠡᠰᠦ ᠪᠣᠯᠤᠨ ᠲᠥᠬᠦᠭᠡᠷᠦᠮᠵᠢ ᠶᠢ ᠰᠣᠩᠭᠤᠨ ᠬᠡᠷᠡᠭᠯᠡᠬᠦ ᠶᠢᠨ ᠬᠠᠮᠲᠤ ᠲᠦᠷᠦᠯ ᠵᠦᠢᠯ ᠤᠨ ᠪᠠᠷᠢᠯᠭ᠎ᠠ | ᠳᠠᠭᠤᠰᠤᠭᠰᠠᠨ ᠤ ᠲᠠᠷᠠᠭ᠎ᠠ ᠪᠡᠶ᠎ᠡ ᠪᠠᠨ ᠳᠠᠭᠠᠭᠠᠬᠤ ᠪᠤᠶᠤ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠳᠤ | ᠨᠠᠶᠢᠳᠠᠵᠤ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ᠂ ᠭᠠᠯ ᠰᠡᠷᠭᠡᠶᠢᠯᠡᠨ ᠤᠨᠲᠠᠷᠠᠭᠠᠬᠤ ᠶᠢᠨ ᠪᠠᠶᠢᠴᠠᠭᠠᠨ | ᠰᠢᠯᠭᠠᠯᠲᠠ ᠬᠢᠯᠭᠡᠵᠦ᠂ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠰᠡᠷᠭᠡᠶᠢᠯᠡᠨ ᠤᠨᠲᠠᠷᠠᠭᠠᠵᠤ ᠠᠶᠤᠯ ᠠᠴᠠ | ᠬᠠᠮᠠᠭᠠᠯᠠᠬᠤ ᠦᠨᠳᠦᠰᠦᠨ ᠨᠥᠬᠦᠴᠡᠯ ᠢ ᠪᠦᠷᠢᠳᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ | 2. ᠪᠥᠳᠥᠭᠡᠨ ᠪᠠᠶᠢᠭᠤᠯᠬᠤ ᠨᠢᠭᠡᠴᠡ ᠶᠢᠨ ᠲᠤᠰᠬᠠᠶ ᠮᠡᠷᠭᠡᠵᠢᠯ ᠤᠨ ᠵᠢᠷᠤᠭᠯᠠᠨ ᠲᠥᠯᠥᠪᠯᠡᠬᠦ᠂ ᠪᠠᠷᠢᠯᠭ᠎ᠠ | ᠪᠠᠷᠢᠬᠤ᠂ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠢᠭᠡᠴᠡ ᠶᠢ ᠤᠷᠢᠵᠤ ᠪᠣᠳᠠᠲᠠᠶ ᠪᠠᠷᠢᠯᠭ᠎ᠠ ᠶᠢᠨ | ᠪᠥᠬᠦ ᠶᠠᠪᠤᠴᠠ ᠶᠢᠨ ᠪᠥᠳᠥᠭᠡᠨ ᠪᠠᠶᠢᠭᠤᠯᠤᠯᠲᠠ ᠳᠤ ᠣᠷᠣᠯᠴᠠᠭᠤᠯᠬᠤ ᠶᠢ ᠵᠣᠷᠢᠭᠵᠢᠭᠤᠯᠤᠨ᠎ᠠ᠃ ᠲᠤᠰᠬᠠᠶ ᠠᠵᠢᠯ | ᠤᠨ ᠨᠢᠭᠡᠴᠡ ᠶᠢ ᠤᠷᠢᠭᠰᠠᠨ ᠪᠠᠷᠢᠯᠭ᠎ᠠ᠂ ᠪᠠᠷᠢᠯᠭ᠎ᠠ ᠪᠠᠷᠢᠬᠤ ᠨᠢᠭᠡᠴᠡ ᠬᠢᠭᠡᠳ ᠵᠢᠷᠤᠭ ᠲᠥᠯᠥᠪᠯᠡᠭᠡ᠂ ᠮᠡᠷᠭᠡᠵᠢᠯ ᠤᠨ | ᠦᠢᠯᠡᠴᠢᠯᠡᠭᠡᠨ ᠤ ᠪᠠᠶᠢᠭᠤᠯᠤᠮᠵᠢ ᠵᠡᠷᠭᠡ ᠬᠤᠯᠪᠣᠭᠳᠠᠯ ᠪᠥᠬᠦᠢ ᠪᠤᠰᠤᠳ ᠣᠷᠣᠯᠴᠠᠭᠰᠠᠨ ᠨᠢᠭᠡᠴᠡ ᠨᠦᠭᠦᠳ ᠭᠠᠯ | ᠰᠡᠷᠭᠡᠶᠢᠯᠡᠨ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠤᠯᠪᠣᠭᠳᠠᠯ ᠪᠥᠬᠦᠢ ᠪᠠᠷᠢᠮᠵᠢᠶ᠎ᠠ᠂ ᠱᠠᠭᠠᠷᠳᠠᠯᠭ᠎ᠠ ᠶᠣᠰᠣᠭᠠᠷ | ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ᠂ ᠪᠠᠶᠢᠴᠠᠭᠠᠨ ᠰᠢᠯᠭᠠᠬᠤ ᠵᠡᠷᠭᠡ ᠠᠵᠢᠯ ᠢ ᠬᠢᠬᠦ ᠶᠢᠨ ᠬᠠᠮᠲᠤ ᠬᠠᠩᠭᠠᠭᠰᠠᠨ | ᠠᠵᠢᠯ ᠤᠨ ᠦᠷ᠎ᠡ ᠳ᠋ᠦᠩ ᠳᠡᠭᠡᠨ ᠵᠣᠬᠢᠴᠠᠩᠭᠤᠶ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ ᠪᠠᠷᠢᠯᠭ᠎ᠠ ᠪᠠᠷᠢᠭᠤᠯᠬᠤ | ᠨᠢᠭᠡᠴᠡ ᠠᠴᠠ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠨᠠᠶᠢᠳᠠᠵᠤ ᠬᠡᠷᠡᠭᠯᠡᠬᠦ ᠠᠴᠠ ᠡᠮᠦᠨ᠎ᠡ ᠭᠠᠯ | ᠤᠨᠲᠠᠷᠠᠭᠠᠬᠤ ᠶᠢᠨ ᠪᠠᠶᠢᠴᠠᠭᠠᠨ ᠰᠢᠯᠭᠠᠯᠲᠠ ᠬᠢᠯᠭᠡᠭᠰᠡᠨ ᠪᠣᠯ ᠮᠡᠷᠭᠡᠵᠢᠯ ᠤᠨ ᠦᠢᠯᠡᠴᠢᠯᠡᠭᠡᠨ ᠤ | ᠪᠠᠶᠢᠭᠤᠯᠤᠮᠵᠢ ᠨᠤᠭᠤᠳ ᠠᠵᠢᠯ ᠢᠶᠠᠨ ᠪᠡᠶᠡᠯᠡᠭᠦᠯᠦᠭᠰᠡᠨ ᠤ ᠲᠠᠷᠠᠭ᠎ᠠ ᠬᠤᠯᠪᠤᠭᠳᠠᠯ ᠪᠥᠬᠦᠢ ᠳ᠋ᠦᠩᠨᠡᠯᠳᠡ ᠭᠠᠷᠭᠠᠵᠤ | ᠥᠭᠬᠦ ᠬᠡᠷᠡᠭᠲᠡᠶ᠂ ᠳ᠋ᠦᠩᠨᠡᠯᠳᠡ ᠶᠢᠨ ᠪᠢᠴᠢᠭ ᠮᠠᠲ᠋ᠧᠷᠢᠶᠠᠯ ᠳᠤ ᠮᠡᠷᠭᠡᠵᠢᠯ ᠤᠨ ᠬᠠᠷᠢᠭᠤᠴᠠᠯᠭᠠᠲᠠᠨ᠂ ᠲᠥᠷᠥᠯ ᠵᠦᠢᠯ | ᠤᠨ ᠬᠠᠷᠢᠭᠤᠴᠠᠯᠭᠠᠲᠠᠨ ᠢᠶᠠᠷ ᠭᠠᠷ ᠤᠨ ᠥᠰᠥᠭ ᠵᠢᠷᠤᠭᠤᠯᠵᠤ᠂ ᠲᠠᠮᠠᠭ᠎ᠠ ᠳᠠᠷᠤᠭᠤᠯᠬᠤ ᠶᠢᠨ ᠬᠠᠮᠲᠤ ᠭᠠᠯ | ᠰᠡᠷᠭᠡᠶᠢᠯᠡᠨ ᠤᠨᠲᠠᠷᠠᠭᠠᠬᠤ ᠮᠡᠷᠭᠡᠵᠢᠯ ᠤᠨ ᠦᠢᠯᠡᠴᠢᠯᠡᠭᠡᠨ ᠤ ᠲᠠᠮᠠᠭ᠎ᠠ ᠶᠢ ᠳᠠᠷᠤᠬᠤ ᠬᠡᠷᠡᠭᠲᠡᠶ᠃ | ︵ᠬᠤᠶᠠᠷ︶ ᠡᠯ᠎ᠡ ᠨᠢᠭᠡᠴᠡ᠂ ᠡᠯ᠎ᠡ ᠰᠠᠯᠠᠭ᠎ᠠ ᠮᠥᠴᠢᠷ ᠤᠨ ᠭᠠᠯ ᠰᠡᠷᠭᠡᠶᠢᠯᠡᠨ ᠤᠨᠲᠠᠷᠠᠭᠠᠵᠤ ᠠᠶᠤᠯ ᠠᠴᠠ | ᠬᠠᠮᠠᠭᠠᠯᠠᠬᠤ ᠶᠢᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠶ | ᠡᠯ᠎ᠡ ᠨᠢᠭᠡᠴᠡ᠂ ᠡᠯ᠎ᠡ ᠰᠠᠯᠠᠭ᠎ᠠ ᠮᠥᠴᠢᠷ ᠤᠳ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠶᠤᠯ | ᠥᠭᠡᠢ ᠶᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠶᠤᠯ ᠥᠭᠡᠢ ᠶᠢ ᠬᠠᠮᠢᠶᠠᠷᠬᠤ᠂ | ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠶᠤᠯ ᠥᠭᠡᠢ ᠶᠢ ᠬᠠᠮᠢᠶᠠᠷᠬᠤ︾ ᠠᠵᠢᠯ ᠤᠨ ᠵᠠᠷᠴᠢᠮ | ᠶᠣᠰᠣᠭᠠᠷ᠂ ᠭᠠᠯ ᠰᠡᠷᠭᠡᠶᠢᠯᠡᠨ ᠤᠨᠲᠠᠷᠠᠭᠠᠵᠤ ᠠᠶᠤᠯ ᠠᠴᠠ ᠬᠠᠮᠠᠭᠠᠯᠠᠬᠤ ᠶᠢᠨ ᠤᠴᠢᠷ ᠶᠠᠪᠤᠳᠠᠯ ᠤᠨ ᠳᠤᠮᠳᠠᠬᠢ ᠪᠠ | ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠨ᠂ ᠲᠤᠰ ᠲᠤᠰ | ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠲᠤᠰ ᠨᠢᠭᠡᠴᠡ᠂ ᠲᠤᠰ ᠰᠢᠰᠲ᠋ᠧᠮ ᠵᠡᠷᠭᠡ ᠳᠤ | ᠬᠤᠯᠪᠣᠭᠳᠠᠬᠤ ᠬᠢᠵᠠᠭᠠᠷᠯᠠᠭᠰᠠᠨ ᠲᠤᠭ᠎ᠠ ᠠᠴᠠ ᠳᠣᠷᠣᠭᠰᠢᠬᠢ ᠪᠥᠳᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ | ᠰᠡᠷᠭᠡᠶᠢᠯᠡᠨ ᠤᠨᠲᠠᠷᠠᠭᠠᠵᠤ ᠠᠶᠤᠯ ᠠᠴᠠ ᠬᠠᠮᠠᠭᠠᠯᠠᠬᠤ ᠡᠯ᠎ᠡ ᠵᠦᠢᠯ ᠤᠨ ᠬᠠᠮᠢᠶᠠᠷᠤᠯᠲᠠ ᠶᠢᠨ ᠠᠵᠢᠯ ᠢᠶᠠᠨ ᠬᠠᠤᠯᠢ | ᠲᠣᠭᠲᠠᠭᠠᠯ ᠶᠣᠰᠣᠭᠠᠷ ᠰᠠᠶᠢᠲᠤᠷ ᠬᠢᠬᠦ ᠬᠡᠷᠡᠭᠲᠡᠶ᠃ | 1. ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠬᠡᠪᠯᠡᠯ ᠤᠨ ᠠᠵᠤ ᠠᠬᠤᠶᠢᠯᠠᠯ᠂ | ᠬᠡᠪᠯᠡᠭᠳᠡᠬᠦᠨ ᠢ ᠪᠥᠭᠡᠮ ᠢᠶᠠᠷ ᠬᠤᠳᠠᠯᠳᠤᠬᠤ ᠵᠡᠷᠭᠡ ᠡᠵᠡᠩᠨᠡᠯᠲᠡ ᠶᠢᠨ ᠨᠢᠭᠡᠴᠡ ᠶᠢ ᠵᠢᠯᠣᠭᠤᠳᠤᠨ ᠬᠢᠨᠠᠯᠲᠠ | ᠲᠠᠯᠪᠢᠬᠤ ᠶᠢ ᠬᠠᠷᠢᠭᠤᠴᠠᠵᠤ᠂ ᠬᠠᠷᠢᠶ᠎ᠠ ᠭᠠᠵᠠᠷ ᠤᠨ ᠷᠠᠳᠢᠣ᠋ ᠲᠧᠯᠸᠢᠰ᠂ ᠺᠢᠨᠣ᠋᠂ ᠬᠡᠪᠯᠡᠭᠳᠡᠬᠦᠨ ᠢ ᠵᠢᠵᠢᠭᠯᠡᠨ | ᠬᠤᠳᠠᠯᠳᠤᠬᠤ ᠵᠡᠷᠭᠡ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠨᠢᠭᠡᠴᠡ ᠶᠢᠨ ᠭᠠᠯ ᠰᠡᠷᠭᠡᠶᠢᠯᠡᠨ ᠤᠨᠲᠠᠷᠠᠭᠠᠵᠤ | ᠠᠶᠤᠯ ᠠᠴᠠ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠰᠢᠮᠳᠠᠭᠤᠯᠤᠨ᠎ᠠ᠃ | 2. ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ᠂ | ᠬᠡᠦᠬᠡᠳ ᠤᠨ ᠴᠡᠴᠡᠷᠯᠢᠭ ᠤᠨ ᠭᠠᠯ ᠰᠡᠷᠭᠡᠶᠢᠯᠡᠨ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠮᠢᠶᠠᠷᠤᠯᠲᠠ ᠶᠢ | ᠨᠢᠭᠡᠳᠦᠯᠲᠡᠶ ᠲᠥᠯᠥᠪᠯᠡᠬᠦ ᠶᠢ ᠬᠠᠷᠢᠭᠤᠴᠠᠨ᠎ᠠ᠃ ᠬᠠᠷᠢᠶ᠎ᠠ ᠭᠠᠵᠠᠷ ᠤᠨ ᠰᠤᠷᠭᠠᠭᠤᠯᠢ᠂ ᠬᠡᠤᠬᠡᠳ ᠤᠨ ᠴᠡᠴᠡᠷᠯᠢᠭ᠂ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢ ᠰᠢᠮᠳᠠᠭᠤᠯᠵᠤ ᠪᠠᠶᠢᠭᠠᠳ ᠭᠠᠯ ᠰᠡᠷᠭᠡᠶᠢᠯᠡᠨ | ᠤᠨᠲᠠᠷᠠᠭᠠᠬᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠭᠠᠯ | ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ | ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ | 3. ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠠᠴᠠ ᠠᠶᠤᠯᠲᠠᠶ ᠬᠢᠮᠢ ᠶᠢᠨ | ᠪᠣᠳᠠᠰ ᠤᠨ ᠠᠵᠤ ᠠᠬᠤᠶᠢᠯᠠᠯ ᠤᠨ ᠪᠠᠶᠢᠷᠢᠰᠢᠭᠤᠯᠤᠯᠲᠠ ᠪᠠ ᠠᠵᠢᠯ ᠲᠥᠷᠥᠯ ᠤᠨ ᠲᠥᠯᠥᠪᠵᠢᠭᠦᠯᠭᠡ ᠶᠢ | ᠬᠠᠷᠢᠭᠤᠴᠠᠨ᠎ᠠ᠃ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠢ ᠦᠢᠯᠡᠳᠪᠦᠷᠢᠯᠡᠬᠦ᠂ ᠪᠣᠷᠣᠯᠠᠭᠤᠯᠬᠤ | ᠬᠦᠷᠢᠶᠡᠨ ᠳᠠᠬᠢ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠵᠢᠯᠣᠭᠤᠳᠤᠨ | ᠰᠢᠮᠳᠠᠭᠤᠯᠤᠨ᠎ᠠ᠃ | 4. ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠲᠤᠬᠠᠶ ᠶᠢᠨ | ᠲᠠᠯᠠᠪᠠᠢ ᠬᠢᠭᠡᠳ ᠡᠷᠬᠢᠨ ᠲᠣᠭᠤᠷᠢᠨ ᠤ ᠵᠠᠮ ᠢ ᠨᠡᠪᠲᠡᠷᠡᠭᠦᠯᠦᠨ ᠵᠢᠯᠣᠭᠤᠳᠬᠤ ᠶᠢ ᠬᠠᠷᠢᠭᠤᠴᠠᠵᠤ᠂ ᠭᠠᠯ | ᠤᠨᠲᠠᠷᠠᠭᠠᠵᠤ ᠠᠪᠤᠷᠠᠨ ᠲᠤᠰᠠᠯᠠᠬᠤ ᠠᠵᠢᠯᠯᠠᠭ᠎ᠠ ᠳᠤ ᠭᠠᠯ ᠤᠨᠲᠠᠷᠠᠭᠠᠬᠤ ᠲᠡᠷᠭᠡ ᠬᠥᠰᠬᠡ ᠶᠢᠨ ᠨᠡᠪᠲᠡᠷᠡᠬᠦ ᠶᠢ | ᠪᠠᠲᠤᠯᠠᠵᠤ᠂ ᠴᠢᠬᠤᠯᠠ ᠲᠠᠢ ᠦᠶ᠎ᠡ ᠳᠤ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠠᠪᠤᠭᠤᠯᠤᠨ᠎ᠠ᠃ | ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠭᠠᠯ ᠰᠡᠷᠭᠡᠶᠢᠯᠡᠨ ᠤᠨᠲᠠᠷᠠᠭᠠᠬᠤ ᠶᠢ ᠬᠢᠨᠠᠨ ᠪᠠᠶᠢᠴᠠᠭᠠᠬᠤ᠂ | ᠭᠠᠯ ᠰᠡᠷᠭᠡᠶᠢᠯᠡᠨ ᠤᠨᠲᠠᠷᠠᠭᠠᠬᠤ ᠤᠬᠠᠭᠤᠯᠭ᠎ᠠ ᠬᠥᠮᠦᠵᠢᠯ ᠢ ᠬᠠᠤᠯᠢ ᠶᠣᠰᠣᠭᠠᠷ ᠬᠡᠷᠡᠭᠵᠢᠭᠦᠯᠵᠦ᠂ ᠭᠠᠴᠠᠭᠠᠨ ᠤ | ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ︵ᠨᠡᠶᠢᠭᠡᠮ ᠲᠣᠭᠤᠷᠢᠭ︶᠂ ᠠᠳᠠᠯ ᠠᠬᠤᠶ ᠶᠢᠨ | ᠦᠢᠯᠡᠴᠢᠯᠡᠭᠡᠨ ᠤ ᠠᠵᠤ ᠠᠬᠤᠶᠢᠯᠠᠯ ᠵᠡᠷᠭᠡ ᠨᠢᠭᠡᠴᠡ ᠶᠢ ᠰᠢᠮᠳᠠᠭᠤᠯᠤᠨ ᠵᠢᠯᠣᠭᠤᠳᠴᠤ ᠪᠠᠶᠢᠭᠠᠳ ᠭᠠᠯ ᠰᠡᠷᠭᠡᠶᠢᠯᠡᠨ | ᠤᠨᠲᠠᠷᠠᠭᠠᠵᠤ ᠠᠶᠤᠯ ᠠᠴᠠ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ | 5. ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠨᠠᠰᠤᠵᠢᠯ ᠤᠨ ᠦᠢᠯᠡᠴᠢᠯᠡᠭᠡ᠂ ᠬᠡᠤᠬᠡᠳ ᠤᠨ | ᠠᠰᠠᠷᠠᠮᠵᠢ᠂ ᠣᠷᠤᠭ ᠤᠨ ᠳᠡᠩᠰᠡᠯᠡᠯᠲᠡ᠂ ᠠᠪᠤᠷᠠᠨ ᠲᠤᠰᠠᠯᠠᠬᠤ ᠬᠠᠮᠢᠶᠠᠷᠤᠯᠲᠠ᠂ ᠣᠷᠣᠰᠢᠭᠤᠯᠭ᠎ᠠ ᠶᠢᠨ | ᠦᠢᠯᠡᠴᠢᠯᠡᠭᠡ᠂ ᠣᠶᠣᠨ ᠤ ᠡᠷᠡᠭᠦᠯ ᠬᠠᠮᠠᠭᠠᠯᠠᠯ ᠤᠨ ᠠᠰᠠᠷᠠᠮᠵᠢ ᠵᠡᠷᠭᠡ ᠠᠷᠠᠳ ᠤᠨ ᠶᠠᠪᠤᠳᠠᠯ ᠤᠨ ᠪᠠᠶᠢᠭᠤᠯᠤᠮᠵᠢ ᠶᠢᠨ | ᠬᠠᠮᠢᠶᠠᠷᠴᠤ ᠪᠠᠶᠢᠭ᠎ᠠ ᠠᠵᠢᠯ ᠲᠥᠷᠥᠯ ᠤᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠢ ᠬᠠᠷᠢᠭᠤᠴᠠᠨ᠎ᠠ᠃ | 6. ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠭᠢᠨᠳᠠᠨ ᠤ ᠰᠢᠰᠲ᠋ᠧᠮ᠂ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠠᠯᠪᠠᠳᠠᠯᠭ᠎ᠠ ᠪᠠᠷ ᠲᠤᠰᠠᠭᠠᠷᠯᠠᠵᠤ ᠬᠤᠣᠷ ᠡᠳ᠋ᠯᠡᠬᠦ ᠶᠢ ᠨᠢ | ᠵᠣᠭᠰᠣᠭᠠᠬᠤ ᠲᠠᠯᠠᠪᠤᠷ ᠤᠨ ᠭᠠᠯ ᠰᠡᠷᠭᠡᠶᠢᠯᠡᠨ ᠤᠨᠲᠠᠷᠠᠭᠠᠬᠤ ᠠᠮᠣᠷ ᠲᠦᠪᠰᠢᠨ ᠤ ᠬᠠᠮᠢᠶᠠᠷᠤᠯᠲᠠ ᠶᠢ ᠵᠢᠯᠣᠭᠤᠳᠴᠤ | ᠬᠢᠨᠠᠯᠲᠠ ᠲᠠᠯᠪᠢᠨ᠎ᠠ᠃ | 7. ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ | ᠠᠵᠢᠯ ᠮᠡᠷᠭᠡᠵᠢᠯ ᠤᠨ ᠪᠣᠯᠪᠠᠰᠤᠷᠠᠯ ᠤᠨ ᠪᠠᠶᠢᠭᠤᠯᠤᠮᠵᠢ᠂ ᠮᠡᠷᠭᠡᠵᠢᠯ ᠤᠨ ᠠᠵᠢᠯᠴᠢᠨ ᠳᠤ ᠳᠡᠭᠡᠳᠦ ᠰᠤᠷᠭᠠᠭᠤᠯᠢ ᠶᠢᠨ | ᠵᠥᠪᠰᠢᠶᠡᠷᠡᠯ ᠪᠤᠶᠤ ᠬᠠᠮᠢᠶᠠᠷᠤᠯᠲᠠ ᠶᠢᠨ ᠳᠤᠮᠳᠠᠬᠢ ᠠᠵᠢᠯ ᠲᠥᠷᠥᠯ ᠤᠨ ᠭᠠᠯ ᠰᠡᠷᠭᠡᠶᠢᠯᠡᠨ ᠤᠨᠲᠠᠷᠠᠭᠠᠵᠤ | ᠠᠶᠤᠯ ᠠᠴᠠ ᠬᠠᠮᠠᠭᠠᠯᠠᠬᠤ ᠶᠢ ᠬᠠᠷᠢᠭᠤᠴᠠᠨ᠎ᠠ᠃ | 8. ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ | ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠠᠷᠢᠭᠤᠴᠠᠯᠭᠠᠲᠤ ᠨᠢᠭᠡᠴᠡ ᠶᠢ ᠬᠠᠤᠯᠢ ᠶᠣᠰᠣᠭᠠᠷ ᠰᠢᠮᠳᠠᠭᠤᠯᠵᠤ | ᠪᠠᠶᠢᠭᠠᠳ ᠬᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠠᠷᠢᠯᠭ᠎ᠠ ᠶᠢᠨ 365bet400电话_365bet亚洲官方_www.28365-365.com | ᠪᠥᠲᠥᠭᠡᠨ ᠪᠠᠶᠢᠭᠤᠯᠤᠯᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠶᠢ ᠬᠠᠷᠢᠭᠤᠴᠠᠨ᠎ᠠ᠃ ᠠᠳᠠᠯ | ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠬᠠᠮᠲᠤ ᠪᠠᠷ | ᠬᠡᠷᠡᠭᠯᠡᠬᠦ ᠭᠠᠯ ᠰᠡᠷᠭᠡᠶᠢᠯᠡᠨ ᠤᠨᠲᠠᠷᠠᠭᠠᠬᠤ ᠪᠡᠯᠡᠳᠬᠡᠮᠵᠢ ᠶᠢ ᠬᠠᠮᠠᠭᠠᠯᠠᠨ ᠬᠠᠮᠢᠶᠠᠷᠬᠤ ᠠᠵᠢᠯ ᠢ ᠵᠢᠯᠤᠭᠤᠳᠣᠨ ᠬᠢᠨᠠᠯᠳᠠ | ᠲᠠᠯᠪᠢᠨ᠎ᠠ᠃ | 9. ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠠᠴᠠ ᠵᠠᠰᠠᠮᠠᠯ ᠵᠠᠮ ᠤᠰᠤᠨ ᠵᠠᠮ ᠤᠨ ᠠᠵᠢᠯ | ᠲᠥᠷᠥᠯ ᠤᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠮᠢᠶᠠᠷᠤᠯᠲᠠ ᠶᠢ ᠬᠠᠷᠢᠭᠤᠴᠠᠨ ᠵᠢᠯᠣᠭᠤᠳᠤᠨ᠎ᠠ᠃ | ᠵᠠᠮ ᠤᠨ ᠠᠶᠠᠨᠴᠢᠳ ᠤᠨ ᠲᠡᠭᠡᠭᠡᠪᠦᠷᠢ᠂ ᠪᠠᠷᠠᠭᠠᠨ ᠤ ᠲᠡᠭᠡᠭᠡᠪᠦᠷᠢ᠂ ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢᠨ | ᠲᠠᠯᠠᠪᠤᠷ ᠥᠷᠲᠡᠭᠡ ᠶᠢᠨ ᠡᠵᠡᠩᠨᠡᠯᠲᠡ᠂ ᠮᠠᠰᠢᠨᠲᠤ ᠲᠡᠷᠭᠡ ᠰᠡᠯᠪᠢᠨ ᠵᠠᠰᠠᠬᠤ᠂ ᠲᠡᠭᠡᠭᠡᠪᠦᠷᠢ ᠡᠵᠡᠩᠨᠡᠯᠲᠡ ᠶᠢᠨ ᠲᠡᠷᠭᠡ | ᠬᠥᠰᠬᠡ ᠶᠢᠨ ᠶᠡᠷᠦᠩᠬᠡᠶᠢᠯᠡᠭᠰᠡᠨ ᠴᠢᠨᠠᠷᠲᠠᠶ ᠴᠢᠳᠠᠮᠵᠢ ᠶᠢ ᠪᠠᠶᠢᠴᠠᠭᠠᠨ ᠰᠢᠯᠭᠠᠬᠤ᠂ ᠮᠠᠰᠢᠨᠲᠤ ᠲᠡᠷᠭᠡᠨ ᠤ | ᠵᠢᠯᠣᠭᠤᠴᠢ ᠶᠢᠨ ᠪᠣᠯᠪᠠᠰᠤᠷᠠᠯ ᠵᠢᠴᠢ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ᠂ ᠮᠠᠰᠢᠨ ᠲᠡᠷᠭᠡ | ᠲᠦᠷᠢᠶᠡᠰᠦᠯᠡᠬᠦ᠂ ᠰᠦᠯᠵᠢᠶ᠎ᠡ ᠪᠠᠷ ᠪᠣᠯᠵᠣᠬᠤ ᠲᠡᠷᠭᠡ ᠵᠡᠷᠭᠡ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠠᠵᠢᠯ | ᠲᠥᠷᠥᠯ ᠵᠢᠴᠢ ᠤᠰᠤᠨ ᠵᠠᠮ᠂ ᠭᠠᠷᠠᠮ ᠤᠨ ᠠᠷᠠᠴᠢᠯᠠᠯᠲᠠ ᠵᠡᠷᠭᠡ ᠨᠢᠭᠡᠴᠡ ᠶᠢᠨ ᠭᠠᠯ ᠰᠡᠷᠭᠡᠶᠢᠯᠡᠨ ᠤᠨᠲᠠᠷᠠᠭᠠᠬᠤ | ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠶᠢ ᠵᠢᠯᠣᠭᠤᠳᠤᠨ ᠰᠢᠮᠳᠠᠭᠤᠯᠤᠨ᠎ᠠ᠃ | 10. ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠠᠴᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ | ᠬᠠᠮᠵᠢᠯᠴᠠᠨ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ︵ᠬᠤᠨᠣᠭᠯᠠᠬᠤ ᠦᠢᠯᠡᠰ ᠪᠠᠭᠲᠠᠨ᠎ᠠ︶ ᠤᠨ | ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠢᠶᠠᠨ ᠰᠠᠶᠢᠲᠤᠷ ᠬᠢᠵᠦ᠂ ᠬᠤᠯᠪᠣᠭᠳᠠᠯ ᠪᠥᠬᠦᠶ | ᠲᠣᠭᠲᠠᠭᠠᠯ ᠶᠣᠰᠣᠭᠠᠷ ᠦᠨ᠎ᠡ ᠬᠠᠶᠠᠵᠤ ᠬᠤᠳᠠᠯᠳᠤᠬᠤ᠂ ᠳᠡᠯᠭᠡᠨ ᠦᠵᠡᠭᠦᠯᠬᠦ᠂ ᠮᠠᠰᠢᠨ ᠲᠡᠷᠭᠡᠨ ᠤ ᠬᠦᠢᠯᠭᠡᠭᠡ᠂ | ᠬᠠᠭᠤᠴᠢᠨ ᠪᠠᠷᠠᠭᠠᠨ ᠤ ᠬᠦᠢᠯᠭᠡᠭᠡ ᠪᠠ ᠪᠣᠯᠪᠠᠰᠤᠷᠠᠭᠤᠯᠤᠭᠰᠠᠨ ᠲᠣᠰᠣᠨ ᠤ ᠬᠦᠢᠯᠭᠡᠭᠡ ᠵᠡᠷᠭᠡ ᠠᠵᠢᠯ ᠲᠥᠷᠥᠯ ᠳᠤ | ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠬᠢᠵᠦ᠂ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠠᠵᠢᠯ | ᠲᠥᠷᠥᠯ ᠤᠨ ᠠᠶᠤᠯᠬᠦᠢ ᠦᠢᠯᠡᠳᠪᠦᠷᠢᠯᠡᠯ ᠤᠨ ᠠᠵᠢᠯ ᠢ ᠵᠢᠯᠣᠭᠤᠳᠤᠨ᠎ᠠ᠃ ᠠᠷᠠᠯᠵᠢᠶ᠎ᠠ ᠬᠤᠳᠠᠯᠳᠤᠭ᠎ᠠ᠂ ᠭᠦᠢᠯᠭᠡᠭᠡᠨ | ᠤ ᠠᠵᠤ ᠠᠬᠤᠶᠢᠯᠠᠯ ᠢ ᠵᠢᠯᠣᠭᠤᠳᠤᠨ ᠰᠢᠮᠳᠠᠭᠤᠯᠵᠤ ᠪᠠᠶᠢᠭᠠᠳ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ | ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠠᠮᠤᠷ ᠲᠦᠪᠰᠢᠨ ᠤ ᠬᠠᠮᠢᠶᠠᠷᠤᠯᠲᠠ ᠪᠠᠨ ᠴᠢᠩᠭᠠᠳᠬᠠᠨ᠂ | ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ | 11. ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ ᠠᠴᠠ ᠰᠣᠶᠣᠯ ᠪᠠ ᠵᠢᠭᠤᠯᠴᠢᠯᠠᠯ ᠤᠨ ᠰᠢᠰᠲ᠋ᠧᠮ | ᠤᠨ ᠠᠵᠢᠯ ᠲᠥᠷᠥᠯ ᠤᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠶᠢ ᠬᠠᠷᠢᠭᠤᠴᠠᠨ᠎ᠠ᠃ ᠲᠡᠦᠬᠡ ᠶᠢᠨ | ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠡ᠂ ᠳᠡᠯᠡᠬᠡᠶ ᠶᠢᠨ ᠰᠣᠶᠣᠯ ᠤᠨ ᠥᠪ ᠪᠣᠯᠤᠨ ᠮᠦᠽᠧᠶ ᠶᠢᠨ ᠠᠵᠢᠯ | ᠲᠦᠷᠦᠯ ᠤᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠬᠠᠷᠢᠭᠤᠴᠠᠨ᠎ᠠ᠃ ᠤᠯᠠᠨ | ᠨᠡᠶᠢᠲᠡ ᠶᠢᠨ ᠨᠣᠮ ᠤᠨ ᠰᠠᠩ᠂ ᠦᠵᠡᠰᠬᠦᠯᠡᠩ ᠤᠨ ᠣᠷᠳᠣᠨ᠂ ᠲᠢᠶᠠᠲᠷ᠂ ᠰᠣᠶᠣᠯ ᠤᠨ ᠣᠷᠳᠣᠨ ︵ᠦᠷᠳᠡᠭᠡ︶ | ᠵᠡᠷᠭᠡ ᠰᠢᠭᠤᠳ ᠬᠠᠷᠢᠶ᠎ᠠ ᠨᠢᠭᠡᠴᠡ ᠶᠢᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠰᠣᠶᠣᠯ᠂ ᠵᠢᠭᠤᠯᠴᠢᠯᠠᠯ ᠵᠡᠷᠭᠡ ᠰᠣᠶᠣᠯ ᠤᠨ ᠵᠠᠬ᠎ᠠ | ᠳᠡᠯᠭᠡᠭᠦᠷ ᠤᠨ ᠡᠵᠡᠩᠨᠡᠯᠲᠡ ᠶᠢᠨ ᠨᠢᠭᠡᠴᠡ ᠶᠢᠨ ᠭᠠᠯ ᠰᠡᠷᠭᠡᠶᠢᠯᠡᠨ ᠤᠨᠲᠠᠷᠠᠭᠠᠵᠤ ᠠᠶᠤᠯ ᠠᠴᠠ ᠬᠠᠮᠠᠭᠠᠯᠠᠬᠤ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠶᠢ ᠵᠢᠯᠣᠭᠤᠳᠤᠨ ᠬᠢᠨᠠᠯᠲᠠ ᠲᠠᠯᠪᠢᠨ᠎ᠠ᠃ | 12. ᠡᠷᠡᠭᠦᠯ ᠬᠠᠮᠠᠭᠠᠯᠠᠯ ᠡᠷᠡᠭᠦᠯ ᠮᠡᠡᠳᠦ ᠶᠢᠨ ᠰᠠᠯᠠᠭ᠎ᠠ ᠮᠥᠴᠢᠷ ᠠᠴᠠ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ᠂ ᠡᠮ ᠡᠮᠨᠡᠯᠭᠡ ᠶᠢᠨ ᠦᠢᠯᠡᠴᠢᠯᠡᠭᠡᠨ ᠤ ᠰᠠᠯᠠᠭ᠎ᠠ ᠮᠥᠴᠢᠷ ᠤᠨ ᠠᠵᠢᠯ ᠲᠦᠷᠦᠯ ᠤᠨ | ᠭᠠᠯ ᠤᠨᠲᠠᠷᠠᠭᠠᠬᠤ ᠠᠮᠤᠷ ᠲᠦᠪᠰᠢᠨ ᠢ ᠬᠠᠷᠢᠭᠤᠴᠠᠨ᠎ᠠ᠃ | 13. ᠱᠠᠰᠢᠨ ᠰᠤᠷᠲᠠᠬᠤᠨ ᠤ ᠬᠡᠷᠡᠭ ᠡᠷᠬᠢᠯᠡᠬᠦ ᠰᠠᠯᠠᠭ᠎ᠠ ᠮᠥᠴᠢᠷ ᠠᠴᠠ ᠱᠠᠰᠢᠨ ᠰᠤᠷᠲᠠᠬᠤᠨ ᠤ | ᠠᠵᠢᠯᠯᠠᠭ᠎ᠠ ᠶᠢᠨ ᠲᠠᠯᠠᠪᠤᠷ ᠭᠠᠵᠠᠷ ᠤᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ | ᠠᠵᠢᠯ ᠢ ᠵᠢᠯᠣᠭᠤᠳᠬᠤ᠂ ᠬᠢᠨᠠᠬᠤ᠂ ᠪᠠᠶᠢᠴᠠᠭᠠᠬᠤ ᠠᠵᠢᠯ ᠢ ᠬᠠᠷᠢᠭᠤᠴᠠᠨ᠎ᠠ᠃ | 14᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ | ᠬᠤᠲᠠ ᠪᠠᠯᠭᠠᠰᠤ ᠶᠢᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ | ᠬᠠᠷᠢᠭᠤᠴᠠᠵᠤ᠂ ᠬᠠᠤᠯᠢ ᠶᠣᠰᠣᠭᠠᠷ ᠡᠷᠬᠡ ᠲᠤᠰᠢᠶᠠᠯ ᠤᠨ ᠶᠣᠰᠣᠭᠠᠷ ᠭᠠᠯ ᠰᠡᠷᠭᠡᠶᠢᠯᠡᠨ ᠤᠨᠲᠠᠷᠠᠭᠠᠬᠤ ᠶᠢ ᠬᠢᠨᠠᠨ | ᠪᠠᠶᠢᠴᠠᠭᠠᠵᠤ ᠰᠢᠯᠭᠠᠨ ᠠᠪᠬᠤ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠵᠠᠰᠠᠭ | ᠵᠠᠭᠢᠷᠭᠠᠨ ᠤ ᠰᠢᠳᠬᠡᠯ ᠲᠣᠷᠭᠠᠭᠤᠯᠢ ᠶᠢ ᠬᠡᠷᠡᠭᠵᠢᠭᠦᠯᠦᠨ᠎ᠡ᠃ | 15. ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠥᠭᠵᠢᠯᠲᠡ ᠶᠢᠨ ᠲᠥᠪ ᠠᠴᠠ ᠬᠤᠲᠠ ᠶᠢᠨ ᠶᠠᠪᠤᠳᠠᠯ ᠤᠨ | ᠭᠠᠯ ᠤᠨᠲᠠᠷᠠᠭᠠᠭᠤᠯ ᠤᠨ ᠪᠥᠲᠥᠭᠡᠨ ᠪᠠᠶᠢᠭᠤᠯᠤᠯᠲᠠ ᠪᠠ ᠬᠠᠮᠠᠭᠠᠯᠠᠯᠲᠠ ᠶᠢ ᠰᠠᠶᠢᠲᠤᠷ ᠬᠢᠵᠦ᠂ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠱᠠᠭᠠᠷᠳᠠᠯᠭ᠎ᠠ ᠶᠢ ᠦᠨᠳᠦᠰᠦᠯᠡᠨ ᠭᠠᠯ ᠤᠨᠲᠠᠷᠠᠭᠠᠵᠤ | ᠠᠪᠤᠷᠠᠨ ᠲᠤᠰᠠᠯᠠᠬᠤ ᠱᠠᠭᠠᠷᠳᠠᠯᠭ᠎ᠠ ᠳᠤ ᠨᠡᠶᠢᠴᠡᠬᠦ ᠥᠬᠡᠶ ᠬᠤᠲᠠ ᠶᠢᠨ ᠭᠠᠯ ᠰᠡᠷᠭᠡᠶᠢᠯᠡᠨ ᠤᠨᠲᠠᠷᠠᠭᠠᠬᠤ ᠤᠰᠤ | ᠬᠠᠩᠭᠠᠬᠤ ᠪᠡᠯᠡᠳᠬᠡᠮᠵᠢ ᠶᠢ ᠥᠭᠡᠷᠡᠴᠢᠯᠡᠨ᠎ᠡ᠃ | 16. ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠠᠴᠠ ᠲᠤᠰ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠨᠢᠭᠡᠳᠦᠯᠲᠡᠶ ᠤᠳᠤᠷᠢᠳᠤᠯᠭ᠎ᠠ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠳᠣᠣᠷ᠎ᠠ᠂ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ | ᠦᠢᠯᠡᠰ ᠵᠡᠷᠭᠡ ᠨᠢᠭᠡᠴᠡ ᠶᠢᠨ ᠭᠠᠯ ᠰᠡᠷᠭᠡᠶᠢᠯᠡᠨ ᠤᠨᠲᠠᠷᠠᠭᠠᠬᠤ ᠬᠠᠤᠯᠢ ᠴᠠᠭᠠᠵᠠ᠂ ᠬᠠᠤᠯᠢ ᠲᠣᠭᠲᠠᠭᠠᠯ ᠢ ᠵᠢᠷᠤᠮᠯᠠᠵᠤ | ᠪᠠᠶᠢᠭ᠎ᠠ ᠪᠠᠶᠢᠳᠠᠯ ᠳᠤ ᠬᠠᠤᠯᠢ ᠶᠣᠰᠣᠭᠠᠷ ᠬᠢᠨᠠᠯᠲᠠ ᠲᠠᠯᠪᠢᠨ ᠪᠠᠶᠢᠴᠠᠭᠠᠯᠲᠠ ᠬᠢᠵᠦ᠂ ᠤᠯᠠᠨ ᠨᠡᠶᠢᠲᠡ ᠶᠢᠨ | ᠴᠤᠭᠯᠠᠷᠠᠭᠰᠠᠨ ᠭᠠᠵᠠᠷ ᠲᠠᠯᠠᠪᠤᠷ ᠢ ᠠᠰᠢᠭᠯᠠᠯᠲᠠ ᠳᠤ ᠣᠷᠣᠭᠤᠯᠬᠤ᠂ ᠡᠵᠡᠩᠨᠡᠬᠦ ᠠᠴᠠ ᠡᠮᠦᠨ᠎ᠡ ᠭᠠᠯ ᠰᠡᠷᠭᠡᠶᠢᠯᠡᠨ | ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠴᠢᠭᠯᠡᠭᠦᠯᠬᠦ ᠴᠢᠨᠠᠷᠲᠠᠶ ᠭᠠᠯ ᠰᠡᠷᠭᠡᠶᠢᠯᠡᠨ ᠤᠨᠲᠠᠷᠠᠭᠠᠬᠤ | ᠠᠮᠤᠷ ᠲᠦᠪᠰᠢᠨ ᠤ ᠲᠤᠰᠬᠠᠶ ᠵᠠᠰᠠᠯᠲᠠ ᠶᠢ ᠵᠣᠬᠢᠶᠠᠨ ᠪᠠᠶᠢᠭᠤᠯᠵᠤ᠂ ᠡᠷᠬᠡ ᠲᠤᠰᠢᠶᠠᠯ ᠤᠨ ᠢᠶᠠᠨ ᠶᠣᠰᠣᠭᠠᠷ ᠭᠠᠯ | ᠰᠡᠷᠭᠡᠶᠢᠯᠡᠨ ᠤᠨᠲᠠᠷᠠᠭᠠᠬᠤ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢ ᠬᠡᠷᠡᠭᠵᠢᠭᠦᠯᠦᠨ᠎ᠡ᠃ | 17. ᠪᠠᠩᠬᠢ᠂ ᠦᠨᠡᠲᠦ ᠲᠡᠮᠳᠡᠭᠲᠦ᠂ ᠳᠠᠭᠠᠳᠬᠠᠯ ᠵᠡᠷᠭᠡ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠪᠠᠶᠢᠭᠤᠯᠤᠮᠵᠢ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠠᠴᠠ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠪᠠᠩᠬᠢ ᠶᠢᠨ ᠦᠢᠯᠡᠰ | ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠦᠨᠡᠲᠦ ᠲᠡᠮᠳᠡᠭᠲᠦ ᠶᠢᠨ ᠦᠢᠯᠡᠰ ᠤᠨ ᠪᠠᠶᠢᠭᠤᠯᠤᠮᠵᠢ᠂ ᠳᠠᠭᠠᠳᠬᠠᠯ ᠤᠨ | ᠪᠠᠶᠢᠭᠤᠯᠤᠮᠵᠢ᠂ ᠬᠤᠭᠤᠴᠠᠭᠠᠲᠤ ᠪᠠᠷᠠᠭᠠᠨ ᠤ ᠦᠢᠯᠡᠰ ᠤᠨ ᠪᠠᠶᠢᠭᠤᠯᠤᠮᠵᠢ ᠵᠢᠴᠢ ᠦᠢᠯᠡᠴᠢᠯᠡᠭᠡᠨ ᠤ ᠲᠣᠣᠷ ᠴᠢᠭ᠂ | ᠲᠣᠮᠢᠯᠠᠭᠰᠠᠨ ᠪᠠᠶᠢᠭᠤᠯᠤᠮᠵᠢ ᠶᠢᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠶᠢ ᠬᠠᠷᠢᠭᠤᠴᠠᠨ ᠰᠢᠮᠳᠠᠭᠤᠯᠤᠨ᠎ᠠ᠃ | 18. ᠰᠢᠦᠳᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠰᠢᠦᠳᠠᠨ ᠤ ᠠᠵᠢᠯ ᠲᠦᠷᠦᠯ ᠤᠨ ᠭᠠᠯ | ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠠᠵᠢᠯ ᠢ ᠬᠠᠷᠢᠭᠤᠴᠠᠵᠤ᠂ ᠰᠢᠦᠳᠠᠨ ᠤ ᠠᠵᠤ ᠠᠬᠤᠶᠢᠯᠠᠯ᠂ | ᠲᠦᠷᠭᠡᠨ ᠬᠦᠷᠭᠡᠯᠳᠡ ᠶᠢᠨ ᠠᠵᠤ ᠠᠬᠤᠶᠢᠯᠠᠯ ᠤᠨ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠶᠢ ᠵᠢᠯᠣᠭᠤᠳᠬᠤ᠂ ᠬᠢᠨᠠᠬᠤ᠂ ᠪᠠᠶᠢᠴᠠᠭᠠᠬᠤ ᠠᠵᠢᠯ ᠢ ᠬᠠᠷᠢᠭᠤᠴᠠᠨ᠎ᠠ᠃ | ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠬᠠᠷᠢᠶ᠎ᠠ ᠭᠠᠵᠠᠷ ᠤᠨ ᠭᠠᠯ ᠤᠨᠲᠠᠷᠠᠭᠠᠬᠤ | ᠠᠵᠢᠯ ᠤᠨ ᠬᠠᠷᠢᠭᠤᠴᠠᠯᠭ᠎ᠠ ᠪᠠᠨ ᠬᠠᠤᠯᠢ ᠲᠣᠭᠲᠠᠭᠠᠯ ᠶᠣᠰᠣᠭᠠᠷ ᠭᠦᠢᠴᠡᠳᠬᠡᠵᠦ᠂ ᠪᠤᠰᠤᠳ ᠬᠤᠯᠪᠣᠭᠳᠠᠯ ᠪᠥᠬᠦᠢ | ᠰᠠᠯᠠᠭ᠎ᠠ ᠮᠥᠴᠢᠷ ᠠᠴᠠ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠭᠠᠯ | ᠤᠨᠲᠠᠷᠠᠭᠠᠬᠤ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠶ᠃ | ᠭᠤᠷᠪᠠ᠂ ᠬᠠᠮᠢᠶᠠᠷᠤᠯᠲᠠ ᠪᠠᠨ ᠴᠢᠩᠭᠠᠳᠬᠠᠨ᠂ ᠲᠣᠭᠲᠠᠭᠠᠯ ᠠᠴᠠ ᠵᠥᠷᠢᠴᠡᠭᠰᠡᠨ ᠪᠠ ᠢᠲᠡᠭᠡᠯ ᠢᠶᠠᠨ | ᠠᠯᠳᠠᠭᠰᠠᠨ ᠥᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠴᠢᠩᠭ᠎ᠠ ᠵᠠᠯᠬᠠᠭᠠᠨ ᠴᠡᠭᠡᠷᠯᠡᠭᠦᠯᠬᠦ ᠬᠡᠷᠡᠭᠲᠡᠶ | ︵ᠨᠢᠭᠡ︶ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠬᠦ ᠬᠡᠪᠴᠢᠶᠡᠨ ᠤ ᠭᠡᠷ ᠪᠠᠶᠢᠰᠢᠩ ᠤᠨ | ᠪᠠᠷᠢᠯᠭ᠎ᠠ ᠶᠢᠨ ᠲᠥᠷᠥᠯ ᠵᠦᠢᠯ ᠳᠤ ᠶᠠᠮᠠᠷᠪᠠ ᠨᠢᠭᠡᠴᠡ ᠪᠣᠯᠤᠨ ᠬᠤᠪᠢ ᠬᠥᠮᠦᠨ ᠭᠡᠳ ᠭᠡᠷ ᠪᠠᠶᠢᠰᠢᠩ ᠤᠨ ᠪᠥᠳᠥᠭᠡᠨ | ᠪᠠᠶᠢᠭᠤᠯᠤᠯᠲᠠ ᠶᠢᠨ ᠪᠠᠷᠢᠯᠭ᠎ᠠ ᠶᠢ ᠵᠠᠳᠠᠯᠬᠤ ᠵᠡᠷᠭᠡ ᠠᠷᠭ᠎ᠠ ᠮᠠᠶ᠋ᠢᠭ ᠢᠶᠠᠷ ᠭᠠᠯ ᠰᠡᠷᠭᠡᠶᠢᠯᠡᠨ ᠤᠨᠲᠠᠷᠠᠭᠠᠬᠤ ᠵᠢᠷᠤᠭ | ᠲᠥᠯᠥᠪᠯᠡᠭᠡ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠳᠤ ᠭᠠᠯ ᠤᠨᠲᠠᠷᠠᠭᠠᠬᠤ ᠲᠠᠩᠰᠠᠯᠠᠯᠳᠠ ᠪᠠ ᠰᠤᠭᠤᠴᠠᠨ | ᠪᠠᠶᠢᠴᠠᠭᠠᠬᠤ ᠭᠠᠷᠳᠠᠮ ᠭᠦᠢᠴᠡᠳᠬᠡᠬᠦ ᠠᠴᠠ ᠵᠠᠶᠢᠯᠠᠵᠤ ᠪᠣᠯᠬᠤ ᠥᠭᠡᠢ᠃ ᠶᠠᠮᠠᠷᠪᠠ ᠨᠢᠭᠡᠴᠡ ᠪᠣᠯᠤᠨ ᠬᠤᠪᠢ ᠬᠥᠮᠦᠨ | ᠤ ᠲᠥᠷᠥᠯ ᠵᠦᠢᠯ ᠢ ᠬᠤᠪᠢᠶᠠᠨ ᠰᠠᠯᠭᠠᠬᠤ᠂ ᠬᠤᠯᠪᠣᠭᠳᠠᠯ ᠪᠥᠬᠦᠢ ᠪᠠᠶᠢᠳᠠᠯ ᠢ ᠨᠢᠭᠤᠨ ᠳᠠᠯᠳᠠᠯᠠᠬᠤ ᠪᠤᠶᠤ ᠮᠡᠬᠡᠯᠡᠬᠦ᠂ | ᠬᠡᠭᠡᠯᠢ ᠲᠦᠯᠬᠢᠬᠦ ᠵᠡᠷᠭᠡ ᠵᠦᠢ ᠪᠤᠰᠤ ᠠᠷᠭ᠎ᠠ ᠪᠠᠷᠢᠯ ᠢᠶᠠᠷ ᠳᠠᠮᠵᠢᠭᠤᠯᠤᠨ ᠭᠠᠯ ᠰᠡᠷᠭᠡᠶᠢᠯᠡᠨ ᠤᠨᠲᠠᠷᠠᠭᠠᠬᠤ ᠵᠢᠷᠤᠭ | ᠲᠥᠯᠥᠪᠯᠡᠭᠡ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠳᠤ ᠭᠠᠯ ᠤᠨᠲᠠᠷᠠᠭᠠᠬᠤ ᠲᠠᠩᠰᠠᠯᠠᠯᠳᠠ ᠪᠠ ᠰᠤᠭᠤᠴᠠᠨ | ᠪᠠᠶᠢᠴᠠᠭᠠᠬᠤ ᠭᠠᠷᠳᠠᠮ ᠭᠦᠢᠴᠡᠳᠬᠡᠬᠦ ᠠᠴᠠ ᠵᠠᠶᠢᠯᠠᠭᠰᠠᠨ ᠪᠠᠶᠢᠪᠠᠯ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ | ᠵᠠᠷᠴᠢᠮ ᠤᠨ ᠶᠣᠰᠣᠭᠠᠷ᠂ ᠬᠠᠷᠢᠶ᠎ᠠ ᠭᠠᠵᠠᠷ ᠤᠨ ᠣᠷᠣᠨ ᠰᠠᠭᠤᠴᠠ ᠪᠣᠯᠤᠨ ᠬᠤᠳᠠ ᠬᠥᠳᠡᠭᠡ ᠶᠢᠨ ᠪᠥᠳᠥᠭᠡᠨ | ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠡᠰ ᠳᠠᠷᠠᠭᠠᠯᠠᠯ ᠶᠣᠰᠣᠭᠠᠷ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠬᠠᠤᠯᠢ ᠲᠣᠭᠲᠠᠭᠠᠯ | ᠶᠣᠰᠣᠭᠠᠷ ᠰᠢᠢᠳᠪᠦᠷᠢᠯᠡᠭᠦᠯᠬᠦ ᠬᠡᠷᠡᠭᠲᠡᠶ᠃ | ︵ᠬᠤᠶᠠᠷ︶ ᠡᠯ᠎ᠡ ᠬᠤᠯᠪᠤᠭᠳᠠᠯ ᠪᠥᠬᠦᠢ ᠰᠠᠯᠠᠭ᠎ᠠ ᠮᠥᠴᠢᠷ ᠠᠴᠠ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ | ᠴᠢᠩᠭ᠎ᠠ ᠨᠠᠶᠢᠳᠠᠪᠤᠷᠢᠵᠢᠭᠤᠯᠵᠤ᠂ ᠡᠳᠦᠷ ᠲᠤᠳᠤᠮ ᠤᠨ ᠬᠢᠨᠠᠯᠲᠠ ᠲᠠᠯᠪᠢᠵᠤ ᠵᠢᠭᠰᠠᠭᠠᠨ ᠪᠠᠶᠢᠴᠠᠭᠠᠬᠤ ᠬᠠᠮᠢᠶᠠᠷᠤᠯᠲᠠ | ᠪᠠᠨ ᠴᠢᠩᠭᠠᠷᠠᠭᠤᠯᠤᠨ᠂ ᠲᠤᠰ ᠲᠤᠰ ᠤᠨ ᠬᠠᠷᠢᠶᠠᠯᠠᠬᠤ ᠬᠡᠪᠴᠢᠶᠡᠨ ᠳᠠᠬᠢ ᠨᠢᠭᠡᠴᠡ ᠪᠣᠯᠤᠨ ᠬᠤᠪᠢ ᠬᠥᠮᠦᠨ ᠢ | ᠰᠢᠮᠳᠠᠭᠤᠯᠵᠤ ᠪᠠᠶᠢᠭᠠᠳ ᠭᠠᠯ ᠰᠡᠷᠭᠡᠶᠢᠯᠡᠨ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠮᠢᠶᠠᠷᠤᠯᠲᠠ ᠶᠢᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠡᠷᠡᠭᠯᠡᠬᠦ ᠶᠠᠪᠤᠴᠠ ᠳᠤ ᠭᠠᠯ ᠰᠡᠷᠭᠡᠶᠢᠯᠡᠨ | ᠤᠨᠲᠠᠷᠠᠭᠠᠵᠤ ᠠᠶᠤᠯ ᠠᠴᠠ ᠬᠠᠮᠠᠭᠠᠯᠠᠬᠤ ᠨᠥᠬᠦᠴᠡᠯ ᠢ ᠪᠦᠷᠢᠳᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠡᠳᠦᠷ | ᠲᠤᠲᠤᠮ ᠤᠨ ᠬᠢᠨᠠᠯᠲᠠ ᠲᠠᠯᠪᠢᠵᠤ ᠵᠢᠭᠰᠠᠭᠠᠨ ᠪᠠᠶᠢᠴᠠᠭᠠᠬᠤ ᠶᠠᠪᠤᠴᠠ ᠳᠤ ᠶᠠᠮᠠᠷᠪᠠ ᠨᠢᠭᠡᠴᠡ ᠪᠣᠯᠤᠨ ᠬᠤᠪᠢ ᠬᠥᠮᠦᠨ | ᠭᠡᠳ ᠬᠤᠯᠪᠣᠭᠳᠠᠯ ᠪᠥᠬᠦᠶ ᠪᠠᠶᠢᠳᠠᠯ ᠢᠶᠠᠨ ᠨᠢᠭᠤᠨ ᠳᠠᠯᠳᠠᠯᠠᠬᠤ ᠪᠤᠶᠤ ᠬᠤᠳᠠᠯ ᠬᠠᠭᠤᠷᠮᠠᠭ ᠢᠶᠠᠷ ᠮᠡᠳᠡᠭᠦᠯᠬᠦ | ᠮᠠᠲ᠋ᠧᠷᠢᠶᠠᠯ ᠬᠠᠩᠭᠠᠬᠤ ᠵᠡᠷᠭᠡ ᠵᠦᠶ ᠪᠤᠰᠤ ᠠᠷᠭ᠎ᠠ ᠪᠠᠷᠢᠯ ᠢᠶᠠᠷ ᠦᠢᠯᠡᠳᠪᠦᠷᠢᠯᠡᠯ ᠡᠵᠡᠩᠨᠡᠯᠲᠡ ᠶᠢᠨ ᠬᠢᠷᠢ ᠬᠡᠮ | ᠣᠯᠤᠭᠰᠠᠨ ᠢ ᠣᠯᠵᠤ ᠮᠡᠳᠡᠪᠡᠯ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠬᠠᠤᠯᠢ ᠲᠣᠭᠲᠠᠭᠠᠯ | ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠶᠢᠨ ᠬᠠᠮᠲᠤ ᠦᠨᠡᠨᠴᠢ ᠢᠲᠡᠭᠡᠮᠵᠢ ᠶᠢᠨ ᠰᠢᠰᠲ᠋ᠧᠮ ᠳᠤ ᠪᠤᠳᠤᠵᠤ | ᠣᠷᠣᠭᠤᠯᠬᠤ ᠬᠡᠷᠡᠭᠲᠡᠶ᠃ ᠡᠭᠦᠨ ᠤ ᠬᠠᠮᠲᠤ᠂ ᠬᠦᠨᠳᠦ ᠨᠣᠴᠢᠲᠠᠶ ᠢᠲᠡᠭᠡᠯ ᠠᠯᠳᠠᠭᠰᠠᠨ ᠲᠡᠮᠳᠡᠭᠯᠡᠯ ᠲᠠᠢ ᠨᠢᠭᠡᠴᠡ ᠳᠤ | ᠂ ᠣᠯᠠᠨ ᠰᠠᠯᠠᠭ᠎ᠠ ᠮᠥᠴᠢᠷ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠵᠦ᠂ ︽ᠨᠢᠭᠡ ᠭᠠᠵᠠᠷ ᠲᠤ | ᠢᠲᠡᠭᠡᠯ ᠠᠯᠳᠠᠪᠠᠯ᠂ ᠭᠠᠵᠠᠷ ᠪᠣᠯᠭᠠᠨ ᠳᠤ ᠬᠢᠵᠠᠭᠠᠷᠯᠠᠭᠳᠠᠬᠤ︾ ᠵᠠᠯᠬᠠᠭᠠᠨ ᠴᠡᠭᠡᠷᠯᠡᠭᠦᠯᠬᠦ ᠦᠢᠯᠡᠳᠦᠯ ᠢ | ᠪᠠᠳᠠᠷᠠᠭᠤᠯᠬᠤ ᠬᠡᠷᠡᠭᠳᠡᠢ᠃ | | 2021 ᠣᠨ ᠤ 12 ᠰᠠᠷ᠎ᠠ ᠶᠢᠨ 30 ᠤ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | ᠬᠠᠭᠤᠯᠤᠨ ᠬᠦᠷᠭᠡᠬᠦ ᠨᠢ᠄ ᠬᠤᠲᠠ ᠶᠢᠨ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ ᠬᠤᠲᠠ ᠶᠢᠨ | ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ᠂ ᠴᠡᠷᠢᠭ ᠤᠨ ᠬᠤᠪᠢᠶᠠᠷᠢ ᠲᠤᠭᠤᠷᠢᠭ᠂ ᠬᠤᠲᠠ ᠶᠢᠨ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ | ᠬᠤᠷᠢᠶ᠎ᠠ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠃ | ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠡ᠂ ᠬᠤᠲᠠ ᠳᠤ ᠰᠠᠭᠤᠭ᠎ᠠ ᠨᠢᠭᠡᠴᠡ᠃ | | ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ | 2021 ᠣᠨ ᠤ 12 ᠰᠠᠷ᠎ᠠ ᠶᠢᠨ 30 ᠤ ᠡᠳᠦᠷ ᠳᠠᠷᠤᠮᠠᠯᠯᠠᠨ ᠲᠠᠷᠬᠠᠭᠠᠪᠠ |