ᠦᠬᠠᠶ ᠵᠠᠰᠠᠭ ᠠᠯᠪᠠᠨ ᠲᠠᠷᠬᠠᠭᠠᠭᠰᠠᠨ ︹ 2022 ︺ 9 ᠳ᠋ᠤᠭᠡᠷ ᠲᠣᠭᠠᠲᠤ | | ︽ᠦᠬᠠᠶ ᠬᠤᠲᠠ ᠶᠢᠨ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢᠨ ᠠᠷᠭ᠎ᠠ ᠮᠠᠶ᠋ᠢᠭ ᠢ ᠰᠢᠯᠢᠳᠡᠭᠵᠢᠭᠦᠯᠵᠦ | ᠪᠣᠬᠢᠷᠲᠤᠯ ᠥᠬᠡᠶ ᠬᠥᠭᠵᠢᠯᠲᠡ ᠶᠢ ᠠᠬᠢᠭᠤᠯᠬᠤ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ | ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ | | ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠳᠠ ᠶᠢᠨ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠦᠬᠠᠶ ᠬᠤᠲᠠ ᠶᠢᠨ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢᠨ ᠠᠷᠭ᠎ᠠ ᠮᠠᠶ᠋ᠢᠭ ᠢ ᠰᠢᠯᠢᠳᠡᠭᠵᠢᠭᠦᠯᠵᠦ | ᠪᠣᠬᠢᠷᠲᠤᠯ ᠥᠬᠡᠶ ᠬᠥᠭᠵᠢᠯᠲᠡ ᠶᠢ ᠠᠬᠢᠭᠤᠯᠬᠤ ᠶᠢᠨ ᠬᠡᠷᠡᠭᠵᠢᠭᠦᠯᠬᠦ ᠲᠥᠰᠦᠯ︾ ᠢ ᠬᠤᠲᠠ ᠶᠢᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ | ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | | 2022 ᠣᠨ ᠤ 4 ᠰᠠᠷ᠎ᠠ ᠶᠢᠨ 20 ᠤ ᠡᠳᠦᠷ | | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | | ᠦᠬᠠᠶ ᠬᠤᠲᠠ ᠶᠢᠨ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢᠨ ᠠᠷᠭ᠎ᠠ ᠮᠠᠶ᠋ᠢᠭ ᠢ ᠰᠢᠯᠢᠳᠡᠭᠵᠢᠭᠦᠯᠵᠦ | ᠪᠣᠬᠢᠷᠲᠤᠯ ᠥᠬᠡᠶ ᠬᠥᠭᠵᠢᠯᠲᠡ ᠶᠢ ᠠᠬᠢᠭᠤᠯᠬᠤ ᠶᠢᠨ ᠬᠡᠷᠡᠭᠵᠢᠭᠦᠯᠬᠦ ᠲᠥᠰᠦᠯ | | ᠰᠢ ᠶᠢᠨ ᠫᠢᠩ ᠶᠡᠷᠦᠩᠬᠡᠶ ᠱᠦᠵᠢ ᠶᠢᠨ ︽ᠦᠬᠠᠶ ᠵᠢᠴᠢ ᠡᠷᠭᠢᠨ ᠲᠣᠭᠤᠷᠢᠨ ᠤ ᠭᠠᠵᠠᠷ ᠣᠷᠣᠨ ᠵᠡᠷᠭᠡ | ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ | ᠬᠦᠴᠦᠯᠡᠨ ᠰᠠᠶᠢᠲᠤᠷ ᠠᠳᠬᠤᠬᠤ ᠬᠡᠷᠡᠭᠲᠡᠶ︾ ᠭᠡᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ | ᠲᠡᠭᠡᠭᠡᠪᠦᠷᠢ ᠶᠢᠨ ᠪᠦᠲᠦᠴᠡ ᠶᠢᠨ ᠲᠣᠬᠢᠷᠠᠭᠤᠯᠤᠯᠲᠠ ᠶᠢ ᠳᠥᠯᠭᠢᠨ ᠠᠬᠢᠭᠤᠯᠬᠤ ᠲᠤᠬᠠᠶ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ | ᠲᠤᠤᠱᠯᠠᠭᠤᠯᠵᠤ᠂ ︽ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠬᠥᠭᠵᠢᠯᠲᠡ ᠶᠢ ᠠᠬᠢᠭᠤᠯᠵᠤ | ᠲᠡᠭᠡᠭᠡᠪᠦᠷᠢ ᠶᠢᠨ ᠪᠦᠲᠦᠴᠡ ᠶᠢ ᠰᠢᠯᠢᠳᠡᠭᠵᠢᠭᠦᠯᠦᠨ ᠳᠣᠭᠢᠷᠠᠭᠤᠯᠬᠤ ᠠᠵᠢᠯ ᠤᠨ ᠲᠥᠰᠦᠯ ︵2021 — | 2025 ᠣᠨ︶ ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ︹ 2021 ︺ 54 ᠳ᠋ᠤᠭᠡᠷ ᠲᠣᠭᠠᠲᠤ︶ ᠵᠢᠴᠢ | ᠥᠪᠡᠷᠲᠡᠭᠡᠨ ᠵᠠᠰᠠᠬᠤ ᠣᠷᠣᠨ ᠤ ︽ᠰᠢᠨ᠎ᠡ ᠡᠨᠧᠷᠭᠢ + ᠰᠤᠯᠠ ᠪᠠᠶᠢᠭᠰᠠᠨ ᠢ ᠴᠤᠭᠯᠠᠷᠠᠯ ᠪᠣᠯᠭᠠᠨ ᠥᠭᠡᠷᠡᠴᠢᠯᠡᠬᠦ︾ | ᠬᠥᠬᠡᠬᠤᠲᠠ ᠪᠤᠭᠤᠲᠤ ᠣᠷᠳᠣᠰ ᠦᠬᠠᠢ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠱᠠᠭᠠᠷᠳᠠᠯᠭ᠎ᠠ ᠶᠢ ᠦᠨᠳᠦᠰᠦᠯᠡᠨ | ᠂ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢᠨ ᠠᠷᠭ᠎ᠠ ᠮᠠᠶ᠋ᠢᠭ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ | ᠲᠡᠭᠡᠭᠡᠪᠦᠷᠢ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠠᠷᠠᠭᠠᠨ ᠤ ᠬᠦᠢᠯᠭᠡᠭᠡᠨ ᠤ ᠥᠪᠡᠷ ᠤᠨ ᠥᠷᠲᠡᠭ ᠢ | ᠪᠠᠭᠤᠷᠠᠭᠤᠯᠵᠤ᠂ ᠪᠠᠷᠠᠭᠠᠨ ᠤ ᠲᠡᠭᠡᠭᠡᠪᠦᠷᠢ ᠶᠢᠨ ᠭᠤᠭᠤᠵᠢᠵᠤ ᠠᠰᠬᠠᠬᠤ ᠠᠰᠠᠭᠤᠳᠠᠯ ᠢ ᠵᠠᠰᠠᠵᠤ᠂ ᠠᠮᠤᠷ ᠲᠦᠪᠰᠢᠨ᠂ | ᠳᠥᠭᠦᠮ ᠳᠥᠲᠡ᠂ ᠥᠨᠳᠥᠷ ᠦᠷ᠎ᠡ ᠠᠰᠢᠭ ᠲᠠᠢ᠂ ᠪᠣᠬᠢᠷᠲᠤᠯ ᠥᠬᠡᠶ ᠵᠠᠰᠠᠮᠠᠯ ᠵᠠᠮ ᠤᠨ ᠨᠡᠪᠲᠡᠷᠡᠬᠦ ᠣᠷᠴᠢᠨ | ᠲᠣᠭᠤᠷᠢᠨ ᠢ ᠪᠣᠶ ᠪᠤᠯᠭᠠᠬᠤ ᠶᠢᠨ ᠲᠦᠯᠦᠭᠡ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ | ᠬᠡᠷᠡᠭᠵᠢᠭᠦᠯᠬᠦ ᠲᠥᠰᠦᠯ ᠢ ᠲᠣᠭᠲᠠᠭᠠᠪᠠ᠃ | | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠮᠠᠨ ᠤ ᠬᠤᠲᠠ ᠶᠢᠨ ︽ᠨᠢᠭᠡ ᠵᠢᠷᠤᠮᠯᠠᠯ ᠢ ᠪᠠᠷᠢᠮᠲᠠᠯᠠᠵᠤ᠂ ᠨᠢᠭᠡ ᠭᠤᠣᠯ ᠰᠢᠵᠢᠮ ᠢ ᠲᠤᠤᠱᠯᠠᠭᠤᠯᠵᠤ᠂ | ᠬᠤᠶᠠᠷ ᠶᠡᠭᠡ ᠡᠭᠦᠷᠭᠡ ᠶᠢ ᠠᠬᠢᠭᠤᠯᠵᠤ᠂ ︿ᠭᠤᠷᠪᠠᠨ ᠴᠢᠨᠠᠷ ᠰᠠᠶᠢᠳᠠᠢ﹀ ᠬᠠᠷᠠᠯᠲᠠ ᠶᠢ ᠪᠡᠶᠡᠯᠡᠭᠦᠯᠬᠦ︾ | ᠬᠥᠭᠵᠢᠯᠲᠡ ᠶᠢᠨ ᠰᠡᠳᠬᠢᠴᠡ ᠶᠣᠰᠣᠭᠠᠷ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠵᠤ᠂ | ᠶᠡᠷᠦᠩᠬᠡᠶᠢᠯᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠴᠤ᠂ ᠵᠠᠬ᠎ᠠ | ᠳᠡᠯᠭᠡᠭᠦᠷ ᠢᠶᠠᠷ ᠬᠥᠳᠡᠯᠭᠡᠭᠦᠷ ᠪᠤᠯᠭᠠᠨ ᠭᠤᠣᠯᠳᠠᠯᠭ᠎ᠠ ᠲᠠᠢ ᠰᠢᠪᠲᠤᠯᠤᠯᠲᠠ ᠬᠢᠵᠦ᠂ ᠰᠢᠰᠲ᠋ᠧᠮ ᠲᠠᠢ ᠠᠬᠢᠭᠤᠯᠬᠤ ᠪᠠᠷ | ᠭᠤᠣᠯ ᠰᠢᠵᠢᠮ ᠪᠣᠯᠭᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠶ ᠦᠭᠡᠷᠡᠴᠢᠯᠡᠯᠳᠡ ᠶᠢ ᠬᠦᠨᠵᠡᠭᠡᠶᠢᠷᠡᠬᠦᠯᠵᠦ᠂ ᠳᠠᠭᠠᠭᠠᠴᠠ ᠠᠴᠠ ᠬᠡᠲᠦᠷᠡᠭᠦᠯᠦᠨ ᠬᠡᠮᠵᠢᠶ᠎ᠡ ᠠᠴᠠ ᠬᠡᠲᠦᠷᠡᠬᠦᠯᠬᠦ | ᠂ ︽ᠰᠤᠯᠠ ᠪᠠᠶᠢᠭᠰᠠᠨ ᠢ ᠴᠤᠭᠯᠠᠷᠠᠯ ᠪᠣᠯᠭᠠᠨ ᠥᠭᠡᠷᠡᠴᠢᠯᠡᠬᠦ︾ ᠶᠢ ᠵᠠᠰᠠᠬᠤ᠂ ᠰᠢᠨ᠎ᠡ ᠡᠨᠧᠷᠭᠢ ᠶᠢᠨ ᠮᠠᠰᠢᠨ | ᠲᠡᠷᠭᠡ ᠶᠢ ᠳᠡᠯᠭᠡᠷᠡᠭᠦᠯᠬᠦ ᠪᠠᠷ ᠬᠠᠷᠠᠯᠲᠠ ᠪᠣᠯᠭᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠤ ᠪᠣᠬᠢᠷᠲᠤᠯ ᠢ | ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠦᠨᠡᠨᠬᠦ ᠠᠬᠢᠭᠤᠯᠵᠤ᠂ ᠪᠣᠬᠢᠷᠲᠤᠯ ᠦᠬᠡᠢ ᠲᠤᠤᠷ᠎ᠠ | ᠨᠡᠭᠦᠷᠡᠰᠦᠲᠥ᠋ᠷᠥᠭᠴᠢᠲᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠪᠠᠶᠢᠭᠤᠯᠤᠯᠲᠠ ᠶᠢ ᠪᠦᠬᠦ ᠬᠦᠴᠦᠨ ᠢᠶᠠᠷ | ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠭᠦᠨᠵᠡᠭᠡᠶᠢᠷᠡᠭᠦᠯᠵᠦ᠂ | ᠣᠳᠣᠬᠢᠴᠢᠯᠠᠭᠰᠠᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠢᠰᠲ᠋ᠧᠮ ᠢ ᠲᠦᠷᠭᠡᠳᠭᠡᠨ ᠪᠠᠶᠢᠭᠤᠯᠵᠤ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠵᠦ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠨᠡᠩ ᠰᠠᠶᠢᠲᠤᠷ ᠦᠢᠯᠡᠴᠢᠯᠡᠵᠦ᠂ ᠨᠡᠭᠦᠷᠡᠰᠦᠲᠥ᠋ᠷᠥᠭᠴᠢ ᠶᠢ | ᠤᠷᠬᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢ ᠪᠡᠶᠡᠯᠡᠭᠦᠯᠬᠦ ᠳᠤ ᠵᠠᠮ | ᠬᠠᠷᠢᠯᠴᠠᠭᠠᠨ ᠤ ᠬᠤᠪᠢ ᠨᠡᠮᠡᠷᠢ ᠶᠢ ᠦᠵᠡᠭᠦᠯᠦᠨ᠎ᠡ᠃ | ︵ᠬᠤᠶᠠᠷ︶ ᠦᠨᠳᠦᠰᠦᠨ ᠵᠠᠷᠴᠢᠮ | ᠭᠤᠣᠯᠳᠠᠯᠭ᠎ᠠ ᠳᠤ ᠤᠷᠢᠳᠠᠪᠠᠷ ᠬᠡᠷᠡᠭᠵᠢᠭᠦᠯᠵᠦ᠂ ᠠᠯᠬᠤᠮ ᠠᠯᠬᠤᠮ ᠢᠶᠠᠷ ᠳᠡᠯᠭᠡᠷᠡᠭᠦᠯᠬᠦ ᠶᠢ ᠪᠠᠷᠢᠮᠲᠠᠯᠠᠨ᠎ᠠ᠃ | ᠴᠠᠬᠢᠯᠭᠠᠨ ᠭᠠᠷᠭᠠᠬᠤ᠂ ᠬᠡᠦᠷᠰᠢᠭᠦᠯᠬᠦ ᠠᠵᠢᠯ ᠲᠥᠷᠥᠯ ᠢᠶᠠᠷ ᠭᠤᠤᠯᠳᠠᠯᠭ᠎ᠠ ᠪᠣᠯᠭᠠᠨ᠂ ᠨᠡᠭᠦᠷᠡᠰᠦ ᠵᠡᠷᠭᠡ ᠶᠡᠭᠡ | ᠬᠡᠮᠵᠢᠶᠡᠨ ᠤ ᠡᠳ᠋ ᠪᠠᠷᠠᠭᠠᠨ ᠤ ᠲᠡᠭᠡᠭᠡᠪᠦᠷᠢ ᠶᠢ ᠪᠠᠷᠢᠮᠵᠢᠶᠠᠵᠢᠭᠤᠯᠬᠤ᠂ ᠪᠥᠭᠡᠮ ᠢᠶᠠᠷ ᠤᠭᠰᠠᠷᠠᠬᠤ᠂ ᠰᠢᠨ᠎ᠡ | ᠡᠨᠧᠷᠭᠢᠵᠢᠭᠦᠯᠬᠦ ᠳᠠᠰᠢ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠵᠤ᠂ ᠴᠢᠭ ᠢᠶᠠᠷ ᠨᠡᠶᠢᠳᠡᠮ ᠢ | ᠳᠠᠶᠢᠴᠢᠯᠠᠨ᠂ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠵᠤ᠂ ᠲᠤᠷᠰᠢᠯᠭ᠎ᠠ ᠪᠠᠨ ᠳ᠋ᠦᠩᠨᠡᠨ᠂ ᠪᠥᠬᠦ ᠠᠵᠢᠯ | ᠲᠥᠷᠥᠯ ᠳᠤ ᠳᠡᠯᠭᠡᠷᠡᠭᠦᠯᠦᠨ᠎ᠡ᠃ | ᠡᠬᠢ ᠡᠭᠦᠰᠦᠯ ᠠᠴᠠ ᠨᠢ ᠰᠡᠷᠭᠡᠶᠢᠯᠡᠬᠦ᠂ ᠵᠠᠯᠬᠠᠭᠠᠨ ᠰᠢᠳᠬᠡᠬᠦ ᠶᠢ ᠵᠡᠷᠭᠡ ᠪᠠᠷ ᠴᠢᠬᠤᠯᠠᠴᠢᠯᠠᠬᠤ ᠶᠢ | ᠪᠠᠷᠢᠮᠲᠠᠯᠠᠨ᠎ᠠ᠃ ᠪᠠᠶᠢᠩᠭᠤᠵᠢᠭᠤᠯᠤᠭᠰᠠᠨ ᠵᠠᠮ ᠳᠡᠭᠡᠷᠡᠬᠢ ᠬᠠᠮᠲᠤᠷᠠᠨ ᠬᠠᠤᠯᠢ ᠬᠡᠷᠡᠭᠵᠢᠭᠦᠯᠬᠦ ᠪᠠ ᠡᠬᠢ | ᠡᠭᠦᠰᠦᠯ ᠠᠴᠠ ᠨᠢ ᠵᠠᠰᠠᠬᠤ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠵᠤ᠂ ︽ᠨᠢᠭᠡ ᠬᠡᠲᠤᠷᠡᠪᠡᠯ ᠳᠥᠷᠪᠡ ᠶᠢ | ᠲᠣᠷᠭᠠᠬᠤ︾ ᠶᠢ ᠴᠢᠩᠭ᠎ᠠ ᠨᠠᠶᠢᠳᠠᠪᠤᠷᠢᠵᠢᠭᠤᠯᠤᠨ᠂ ᠪᠠᠷᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠳᠠᠭᠠᠭᠠᠴᠠ | ᠠᠴᠠ ᠬᠡᠲᠦᠷᠡᠭᠦᠯᠦᠨ ᠬᠡᠮᠵᠢᠶ᠎ᠡ ᠠᠴᠠ ᠬᠡᠲᠦᠷᠡᠬᠦᠯᠬᠦ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ | ᠪᠠᠷᠠᠭ᠎ᠠ ᠠᠴᠢᠶᠠᠯᠠᠬᠤ ᠡᠬᠢ ᠡᠭᠦᠰᠦᠯ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠷᠴᠢᠮ ᠢᠶᠠᠨ | ᠴᠢᠩᠭᠠᠷᠠᠭᠤᠯᠵᠤ᠂ ᠠᠭᠤᠷᠬᠠᠶ᠂ ᠼᠧᠮᠧᠨᠲ ᠤᠨ ᠦᠢᠯᠡᠳᠪᠦᠷᠢ᠂ ᠪᠠᠷᠠᠭᠠᠨ ᠤ ᠬᠦᠢᠯᠭᠡᠭᠡᠨ ᠤ ᠬᠦᠷᠢᠶᠡᠯᠡᠩ ᠲᠣᠭᠤᠷᠢᠭ | ᠵᠡᠷᠭᠡ ᠭᠤᠤᠯᠳᠠᠯᠭ᠎ᠠ ᠲᠠᠢ ᠨᠢᠭᠡᠴᠡ ᠶᠢᠨ ᠪᠠᠷᠠᠭᠠᠨ ᠤ ᠲᠡᠷᠭᠡ ᠶᠢᠨ ᠦᠢᠯᠡᠳᠪᠦᠷᠢ ︵ᠲᠠᠯᠠᠪᠤᠷ᠂ ᠥᠷᠲᠡᠭᠡ︶ ᠠᠴᠠ | ᠭᠠᠷᠬᠤ ᠦᠶ᠎ᠡ ᠶᠢᠨ ᠠᠴᠢᠶᠠᠯᠠᠭᠰᠠᠨ ᠪᠠᠶᠢᠳᠠᠯ ᠤᠨ ᠪᠠᠶᠢᠴᠠᠭᠠᠯᠲᠠ ᠶᠢ ᠭᠤᠤᠯᠳᠠᠯᠭ᠎ᠠ ᠲᠠᠢ ᠴᠢᠩᠭᠠᠳᠬᠠᠵᠤ᠂ | ᠳᠠᠭᠠᠭᠠᠴᠠ ᠠᠴᠠ ᠬᠡᠲᠦᠷᠡᠭᠦᠯᠦᠨ ᠬᠡᠮᠵᠢᠶ᠎ᠡ ᠠᠴᠠ ᠬᠡᠲᠦᠷᠡᠬᠦᠯᠣᠭ᠍ᠰᠡᠨ ᠲᠡᠷᠭᠡ ᠬᠥᠰᠬᠡ ᠶᠢᠨ ᠦᠢᠯᠡᠳᠪᠦᠷᠢ ︵ᠲᠠᠯᠠᠪᠤᠷ᠂ | ᠥᠷᠲᠡᠭᠡ︶ ᠠᠴᠠ ᠭᠠᠷᠴᠦ ᠵᠠᠮ ᠳᠤ ᠭᠠᠷᠬᠤ ᠶᠢ ᠡᠷᠡᠰ ᠬᠤᠷᠢᠭᠯᠠᠨ᠎ᠡ᠃ | ᠪᠦᠬᠦᠨ ᠢ ᠰᠡᠷᠭᠡᠶᠢᠯᠡᠵᠦ ᠪᠦᠬᠦᠨ ᠢ ᠡᠵᠡᠮᠳᠡᠬᠦ᠂ ᠶᠡᠷᠦᠩᠬᠡᠶᠢᠯᠡᠨ ᠵᠠᠰᠠᠬᠤ ᠶᠢ ᠪᠠᠷᠢᠮᠲᠠᠯᠠᠨ᠎ᠠ᠃ ᠴᠠᠶᠢᠶ᠋ᠢᠦ | ᠲᠣᠰᠣᠨ ᠤ ᠪᠠᠷᠠᠭᠠᠨ ᠤ ᠲᠡᠷᠭᠡ ᠬᠢᠭᠡᠳ ᠵᠠᠮ ᠤᠨ ᠲᠣᠭᠤᠰᠣ ᠰᠢᠷᠣᠶ ᠶᠢᠨ ᠪᠣᠬᠢᠷᠲᠤᠯ ᠢ ᠵᠠᠰᠠᠬᠤ ᠶᠢ ᠭᠦᠨᠵᠡᠭᠡᠶ | ᠠᠬᠢᠭᠤᠯᠵᠤ᠂ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ ᠪᠠ | ᠡᠬᠢ ᠡᠭᠦᠰᠦᠯ ᠠᠴᠠ ᠨᠢ ᠵᠠᠰᠠᠬᠤ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠬᠦᠯᠵᠦ᠂ ᠵᠠᠰᠠᠯᠲᠠ ᠶᠢᠨ | ᠦᠷ᠎ᠡ ᠪᠦᠲᠦᠮᠵᠢ ᠪᠠᠨ ᠴᠢᠩᠭᠠᠳᠬᠠᠨ ᠪᠠᠬᠢᠵᠢᠬᠦᠯᠦᠨ᠎ᠡ᠃ ᠪᠠᠷᠠᠭᠠᠨ ᠤ ᠲᠡᠭᠡᠭᠡᠪᠦᠷᠢ ᠶᠢᠨ ᠠᠵᠢᠯ ᠲᠦᠷᠦᠯ ᠤᠨ | ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ ᠠᠯᠬᠤᠴᠠ ᠪᠠᠨ ᠲᠦᠷᠭᠡᠳᠬᠡᠨ᠂ ᠲᠡᠭᠡᠭᠡᠪᠦᠷᠢ ᠶᠢᠨ ᠵᠣᠬᠢᠶᠠᠨ | ᠪᠠᠶᠢᠭᠤᠯᠤᠯᠲᠠ ᠪᠠᠨ ᠰᠢᠯᠢᠳᠡᠭᠵᠢᠭᠦᠯᠵᠦ᠂ ᠲᠡᠭᠡᠭᠡᠪᠦᠷᠢ ᠶᠢᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠲᠡᠷᠭᠡ | ᠬᠥᠰᠬᠡ ᠶᠢᠨ ᠬᠤᠭᠤᠰᠣᠨ ᠶᠠᠪᠤᠬᠤ ᠨᠤᠷᠮ᠎ᠠ ᠶᠢ ᠳᠣᠷᠣᠭᠰᠢᠯᠠᠭᠤᠯᠵᠤ᠂ ᠵᠠᠮ ᠲᠡᠭᠡᠭᠡᠪᠦᠷᠢ ᠶᠢᠨ ᠠᠵᠤ ᠠᠬᠤᠶᠢᠯᠠᠯ ᠤᠨ | ᠡᠷᠴᠢᠮᠵᠢᠬᠦ᠂ ᠬᠡᠪᠴᠢᠶᠡᠵᠢᠨ ᠬᠥᠭᠵᠢᠬᠦ ᠶᠢ ᠠᠬᠢᠭᠤᠯᠤᠨ᠎ᠠ᠃ | ᠰᠢᠨ᠎ᠡ ᠶᠢ ᠡᠭᠦᠳᠦᠨ ᠬᠥᠭᠵᠢᠭᠦᠯᠬᠦ ᠶᠢ ᠪᠠᠷᠢᠮᠲᠠᠯᠠᠵᠤ᠂ ᠪᠣᠬᠢᠷᠲᠤᠯ ᠦᠭᠡᠢ ᠵᠠᠮ ᠬᠠᠷᠢᠯᠴᠠᠭ᠎ᠠ ᠶᠢ | ᠪᠠᠶᠢᠭᠤᠯᠤᠨ᠎ᠠ᠃ ᠰᠢᠨ᠎ᠡ ᠡᠨᠧᠷᠭᠢ ᠶᠢᠨ ᠨᠢᠭᠲᠠ ᠪᠢᠲᠡᠭᠦᠮᠵᠢᠯᠡᠭᠰᠡᠨ ᠬᠦᠨᠳᠦ ᠠᠴᠢᠶᠠᠨ ᠤ ᠮᠠᠰᠢᠨ᠂ ᠴᠢᠩᠭᠡᠯᠢᠭ | ᠮᠠᠶ᠋ᠢᠭ ᠤᠨ ᠪᠠᠷᠠᠭᠠᠨ ᠤ ᠬᠦᠢᠯᠭᠡᠭᠡᠨ ᠤ ᠬᠡᠯᠬᠢᠶ᠎ᠡ ᠬᠢᠭᠡᠳ ᠣᠶᠤᠨᠴᠢ ᠪᠣᠳᠠᠰ ᠤᠨ ᠬᠤᠯᠪᠣᠭ᠎ᠠ ᠶᠢᠨ ᠰᠦᠯᠵᠢᠶᠡᠨ ᠤ | ᠲᠠᠪᠴᠠᠩ ᠤᠨ ᠠᠬᠤᠶ ᠲᠠᠯᠠᠪᠠᠶ ᠶᠢᠨ ᠬᠡᠷᠡᠭᠯᠡᠯᠲᠡ ᠶᠢ ᠤᠯᠠᠮ ᠨᠢᠭᠡ ᠠᠯᠬᠤᠮ ᠥᠷᠭᠡᠳᠬᠡᠨ᠂ ᠵᠠᠮ ᠲᠡᠭᠡᠭᠡᠪᠦᠷᠢ ᠶᠢᠨ | ᠦᠢᠯᠡᠳᠦᠯ ᠴᠢᠳᠠᠪᠤᠷᠢ ᠪᠠᠨ ᠳᠡᠭᠡᠭᠰᠢᠯᠡᠭᠦᠯᠵᠦ᠂ ᠤᠯᠠᠮᠵᠢᠯᠠᠯᠲᠤ ᠲᠡᠭᠡᠭᠡᠪᠦᠷᠢ ᠶᠢᠨ ᠵᠠᠭᠪᠤᠷ ᠲᠤ ᠲᠦᠰᠢᠭᠯᠡᠬᠦ ᠶᠢ | ᠦᠨᠳᠦᠰᠦᠨ ᠠᠴᠠ ᠨᠢ ᠡᠪᠳᠡᠵᠦ᠂ ᠲᠡᠭᠡᠭᠡᠪᠦᠷᠢ ᠶᠢᠨ ᠵᠠᠭᠪᠤᠷ ᠤᠨ ᠬᠤᠪᠢᠰᠤᠯᠲᠠ ᠶᠢ ᠲᠦᠷᠭᠡᠳᠬᠡᠨ᠂ | ᠭᠠᠳᠠᠭᠰᠢᠯᠠᠭᠤᠯᠬᠤ ᠬᠦᠴᠦᠯᠡᠴᠡ ᠪᠠᠨ ᠪᠠᠭᠤᠷᠠᠭᠤᠯᠵᠤ᠂ ᠭᠤᠤᠯ ᠪᠣᠯᠬᠤ ᠪᠣᠬᠢᠷᠲᠤᠯ ᠪᠣᠳᠠᠰ ᠤᠨ ᠭᠠᠳᠠᠭᠰᠢᠯᠠᠭᠤᠯᠬᠤ | ᠶᠡᠷᠦᠩᠬᠡᠶ ᠬᠡᠮᠵᠢᠶ᠎ᠡ ᠶᠢ ᠪᠠᠭᠠᠰᠬᠠᠵᠤ᠂ ᠪᠣᠬᠢᠷᠲᠤᠯ ᠥᠬᠡᠶ ᠲᠤᠤᠷ᠎ᠠ ᠨᠡᠭᠦᠷᠡᠰᠦᠲᠥ᠋ᠷᠥᠭᠴᠢᠲᠤ ᠲᠡᠭᠡᠭᠡᠪᠦᠷᠢ ᠶᠢᠨ | ᠵᠠᠭᠪᠤᠷ ᠢ ᠲᠦᠷᠭᠡᠳᠬᠡᠨ ᠪᠠᠶᠢᠭᠤᠯᠤᠨ᠎ᠠ᠃ | ︵ᠭᠤᠷᠪᠠ︶ ᠠᠵᠢᠯ ᠤᠨ ᠬᠠᠷᠠᠯᠲᠠ | ᠴᠠᠬᠢᠯᠭᠠᠨ ᠭᠠᠷᠭᠠᠬᠤ᠂ ᠬᠡᠦᠷᠰᠢᠭᠦᠯᠬᠦ ᠠᠵᠢᠯ ᠲᠥᠷᠥᠯ ᠤᠨ ᠪᠠᠷᠠᠭᠠᠨ ᠤ ᠲᠡᠭᠡᠭᠡᠪᠦᠷᠢ ᠶᠢᠨ ᠲᠡᠷᠭᠡ | ᠬᠥᠰᠬᠡ ᠶᠢᠨ ᠪᠠᠷᠢᠮᠵᠢᠶᠠᠵᠢᠭᠤᠯᠤᠯᠲᠠ ᠶᠢ ᠲᠦᠷᠭᠡᠳᠬᠡᠵᠦ᠂ ᠰᠢᠨ᠎ᠡ ᠡᠨᠧᠷᠭᠢ ᠶᠢᠨ ᠲᠡᠷᠭᠡ ᠬᠥᠰᠬᠡ ᠶᠢᠨ | ᠬᠡᠷᠡᠭᠯᠡᠯᠲᠡ ᠶᠢᠨ ᠡᠷᠴᠢᠮ ᠢᠶᠠᠨ ᠴᠢᠩᠭᠠᠷᠠᠭᠤᠯᠤᠨ᠂ ︽ᠰᠢᠨ᠎ᠡ ᠡᠨᠧᠷᠭᠢ + ᠰᠤᠯᠠ ᠪᠠᠶᠢᠭᠰᠠᠨ ᠢ ᠴᠤᠭᠯᠠᠷᠠᠯ ᠪᠣᠯᠭᠠᠨ | ᠥᠭᠡᠷᠡᠴᠢᠯᠡᠬᠦ︾ ᠳᠣᠲᠣᠭᠠᠳᠤ ᠬᠠᠭᠤᠷᠠᠶ ᠶᠢᠨ ᠭᠠᠷᠠᠮ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠪᠠᠷ | ᠲᠥᠯᠥᠪᠵᠢᠭᠦᠯᠦᠨ ᠪᠥᠲᠥᠭᠡᠨ ᠪᠠᠶᠢᠭᠤᠯᠵᠤ᠂ ᠴᠡᠪᠡᠷ ᠡᠨᠧᠷᠭᠢ ᠪᠠᠷ ᠬᠥᠳᠡᠯᠭᠡᠬᠦ ᠬᠦᠴᠦᠨ ᠬᠠᠩᠭᠠᠬᠤ ᠴᠡᠨᠡᠭᠯᠡᠵᠦ | ᠰᠣᠯᠢᠬᠤ ᠴᠠᠬᠢᠯᠭᠠᠨ ᠥᠷᠲᠡᠭᠡ᠂ ᠳᠠᠮᠵᠢᠭᠤᠯᠤᠨ ᠲᠡᠭᠡᠭᠡᠪᠦᠷᠢᠯᠡᠬᠦ ᠲᠠᠯᠠᠪᠤᠷ ᠥᠷᠲᠡᠭᠡ ᠵᠡᠷᠭᠡ ᠪᠣᠬᠢᠷᠲᠤᠯ ᠥᠬᠡᠶ | ᠰᠠᠭᠤᠷᠢ ᠪᠡᠯᠡᠳᠬᠡᠮᠵᠢ ᠶᠢ ᠢᠵᠢ ᠪᠥᠷᠢᠳᠦᠭᠦᠯᠦᠨ ᠪᠥᠲᠥᠭᠡᠨ ᠪᠠᠶᠢᠭᠤᠯᠵᠤ᠂ ᠠᠵᠤ ᠠᠬᠤᠶᠢᠯᠠᠯ ᠢ ᠬᠥᠲᠥᠯᠦᠨ | ᠵᠢᠯᠣᠭᠤᠳᠴᠤ ᠪᠠᠶᠢᠭᠠᠳ ᠲᠣᠭᠲᠠᠭᠠᠯ ᠳᠤ ᠨᠡᠶᠢᠴᠡᠬᠦ ᠥᠬᠡᠶ ᠲᠡᠷᠭᠡ ᠬᠥᠰᠬᠡ ᠶᠢ ᠲᠦᠷᠭᠡᠳᠬᠡᠨ ᠰᠢᠭᠰᠢᠭᠳᠡᠭᠦᠯᠵᠦ᠂ | ᠪᠠᠷᠢᠮᠵᠢᠶᠠᠵᠢᠭᠤᠯᠤᠭᠰᠠᠨ ᠲᠡᠷᠭᠡᠨ ᠤ ᠬᠡᠯᠪᠡᠷᠢ ᠶᠢ ᠰᠢᠨᠡᠳᠬᠡᠨ ᠣᠷᠣᠯᠠᠭᠤᠯᠬᠤ ᠶᠢ ᠪᠡᠶᠡᠯᠡᠭᠦᠯᠦᠨ᠎ᠡ᠃ ᠪᠠᠷᠠᠭᠠᠨ ᠤ | ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢᠨ ᠵᠠᠭᠪᠤᠷ ᠤᠨ ᠰᠢᠨ᠎ᠡ ᠶᠢ ᠡᠭᠦᠳᠬᠦ ᠶᠢ ᠠᠬᠢᠭᠤᠯᠵᠤ᠂ ︽ᠢᠨᠲ᠋ᠧᠷ | ᠰᠦᠯᠵᠢᠶ᠎ᠡ + ᠥᠨᠳᠥᠷ ᠪᠦᠲᠦᠮᠵᠢᠲᠡᠶ ᠪᠠᠷᠠᠭᠠᠨ ᠤ ᠬᠦᠢᠯᠭᠡᠭᠡ︾ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠶᠢᠨ | ᠬᠥᠭᠵᠢᠯᠲᠡ ᠶᠢ ᠠᠬᠢᠭᠤᠯᠵᠤ᠂ ᠲᠣᠮᠣ ᠬᠡᠯᠪᠡᠷᠢ ᠶᠢᠨ ᠪᠠᠷᠠᠭᠠᠨ ᠤ ᠲᠡᠭᠡᠭᠡᠪᠦᠷᠢ ᠪᠠᠷᠠᠭᠠᠨ ᠤ ᠬᠦᠢᠯᠭᠡᠭᠡᠨ ᠤ ᠠᠵᠤ | ᠠᠬᠤᠶᠢᠯᠠᠯ᠂ ᠲᠦᠷᠭᠡᠨ ᠬᠦᠷᠭᠡᠯᠳᠡ ᠶᠢᠨ ᠪᠠᠷᠠᠭᠠᠨ ᠤ ᠬᠦᠢᠯᠭᠡᠭᠡᠨ ᠤ ᠠᠵᠤ ᠠᠬᠤᠶᠢᠯᠠᠯ ᠤᠨ ᠣᠲᠣ ᠦᠶ᠎ᠡ ᠶᠢᠨ | ᠪᠠᠷᠠᠭᠠᠨ ᠤ ᠬᠦᠢᠯᠭᠡᠭᠡᠨ ᠤ ᠠᠵᠤ ᠠᠬᠤᠶᠢᠯᠠᠯ ᠳᠠᠰᠢ ᠬᠡᠯᠪᠡᠷᠢ ᠪᠠᠨ ᠬᠤᠪᠢᠷᠠᠭᠤᠯᠤᠨ ᠲᠠᠰ ᠲᠡᠪᠰᠢᠬᠦᠯᠬᠦ ᠶᠢ ᠳᠡᠮᠵᠢᠵᠦ᠂ | ᠮᠠᠨ ᠤ ᠬᠤᠲᠠ ᠶᠢᠨ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠤᠨ᠎ᠠ᠃ ᠴᠠᠬᠢᠯᠭᠠᠨ ᠭᠠᠷᠭᠠᠬᠤ᠂ | ᠬᠡᠦᠷᠰᠢᠭᠦᠯᠬᠦ ᠠᠵᠢᠯ ᠲᠥᠷᠥᠯ ᠢᠶᠠᠷ ᠭᠤᠤᠯᠳᠠᠯᠭ᠎ᠠ ᠪᠣᠯᠭᠠᠵᠤ᠂ 2022 ᠣᠨ ᠤ ᠡᠴᠦᠰ ᠪᠣᠯᠬᠤ ᠳᠤ᠂ ᠰᠢᠨ᠎ᠡ | ᠡᠨᠧᠷᠭᠢ ᠶᠢᠨ ᠰᠤᠷᠪᠤᠯᠵᠢ ᠶᠢᠨ ᠬᠦᠨᠳᠦ ᠠᠴᠢᠶᠠᠨ ᠤ ᠮᠠᠰᠢᠨ ᠤ ᠪᠢᠲᠡᠭᠦᠮᠵᠢᠯᠡᠭᠰᠡᠨ ᠲᠡᠭᠡᠭᠡᠪᠦᠷᠢ ᠶᠢᠨ ᠲᠡᠷᠭᠡ | ᠬᠥᠰᠬᠡ ᠶᠢ 600 ᠳᠡᠯᠭᠡᠷᠡᠭᠦᠯᠦᠨ ᠬᠡᠷᠡᠭᠯᠡᠨ᠎ᠡ︔ 2023 ᠣᠨ ᠤ ᠡᠴᠦᠰ ᠪᠣᠯᠬᠤ ᠳᠤ᠂ ᠰᠢᠨ᠎ᠡ ᠡᠨᠧᠷᠭᠢ ᠶᠢᠨ | ᠰᠤᠷᠪᠤᠯᠵᠢ ᠶᠢᠨ ᠬᠦᠨᠳᠦ ᠠᠴᠢᠶᠠᠨ ᠤ ᠮᠠᠰᠢᠨ ᠤ ᠪᠢᠲᠡᠭᠦᠮᠵᠢᠯᠡᠨ ᠲᠡᠭᠡᠭᠡᠪᠦᠷᠢᠯᠡᠬᠦ ᠵᠢᠴᠢ ᠵᠠᠮ ᠬᠠᠷᠢᠯᠴᠠᠭᠠᠨ ᠤ ᠪᠤᠰᠤ | ᠪᠠᠷᠢᠯᠭ᠎ᠠ ᠶᠢᠨ ᠲᠡᠷᠭᠡ ᠬᠥᠰᠬᠡ ᠶᠢ 1500 ᠳᠡᠯᠭᠡᠷᠡᠭᠦᠯᠦᠨ ᠬᠡᠷᠡᠭᠯᠡᠵᠦ᠂ ᠠᠭᠤᠷᠬᠠᠶ ᠶᠢᠨ ᠣᠷᠣᠨ ᠤ ᠤᠶᠢᠷ᠎ᠠ | ᠪᠠᠭᠤᠯᠭᠠᠬᠤ ᠲᠡᠭᠡᠭᠡᠪᠦᠷᠢ ᠶᠢᠨ ᠰᠢᠨ᠎ᠡ ᠡᠨᠧᠷᠭᠢ ᠬᠡᠷᠡᠭᠯᠡᠬᠦ ᠶᠢ ᠦᠨᠳᠦᠰᠦᠨ ᠳᠡᠭᠡᠨ ᠪᠡᠶᠡᠯᠡᠭᠦᠯᠦᠨ᠎ᠡ︔ 2024 | ᠣᠨ ᠤ ᠰᠡᠭᠦᠯᠴᠢ ᠪᠣᠯᠬᠤ ᠳᠤ᠂ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠢ ᠪᠦᠬᠦᠨ ᠢ ᠪᠢᠲᠡᠭᠦᠮᠵᠢᠯᠡᠨ | ᠲᠡᠭᠡᠭᠡᠪᠦᠷᠢᠯᠡᠬᠦ ᠶᠢ ᠪᠡᠶᠡᠯᠡᠭᠦᠯᠦᠨ᠎ᠡ︔ 2025 ᠣᠨ ᠤ ᠰᠡᠭᠦᠯᠴᠢ ᠪᠣᠯᠬᠤ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠬᠦᠷᠢᠶᠡᠨ ᠤ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠲᠤ ᠦᠢᠯᠡᠳᠪᠦᠷᠢᠯᠡᠯ ᠤᠨ ᠠᠷᠭ᠎ᠠ ᠶᠢ ᠠᠩᠬ᠎ᠠ ᠠᠯᠬᠤᠮ | ᠪᠦᠷᠢᠯᠳᠦᠭᠦᠯᠵᠦ᠂ ᠰᠠᠭᠤᠷᠢ ᠲᠥᠬᠦᠭᠡᠷᠦᠮᠵᠢ ᠶᠢᠨ ᠣᠷᠴᠢᠨ ᠲᠣᠭᠤᠷᠢᠨ ᠤ ᠨᠥᠬᠦᠷᠰᠡᠭ ᠪᠠᠶᠢᠬᠤ ᠶᠢ | ᠦᠨᠳᠦᠰᠦᠨ ᠳᠡᠭᠡᠨ ᠪᠡᠶᠡᠯᠡᠭᠦᠯᠵᠦ᠂ ᠲᠡᠭᠡᠭᠡᠪᠦᠷᠢ ᠶᠢᠨ ᠲᠤᠨᠤᠭ ᠲᠥᠬᠦᠭᠡᠷᠦᠮᠵᠢ ᠶᠢ ᠴᠡᠪᠡᠷ ᠪᠥᠭᠡᠳ ᠲᠤᠤᠷ᠎ᠠ | ᠨᠡᠭᠦᠷᠡᠰᠦᠲᠥ᠋ᠷᠥᠭᠴᠢᠲᠤ ᠪᠤᠯᠭᠠᠵᠤ᠂ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢ ᠡᠷᠴᠢᠮᠵᠢᠭᠦᠯᠦᠨ ᠥᠨᠳᠥᠷ | ᠪᠦᠲᠦᠮᠵᠢᠲᠡᠢ ᠪᠣᠯᠭᠠᠵᠤ᠂ ᠪᠣᠬᠢᠷᠲᠤᠯ ᠦᠭᠡᠢ ᠬᠥᠭᠵᠢᠯᠲᠡ ᠶᠢᠨ ᠲᠦᠪᠰᠢᠨ ᠢᠶᠠᠨ ᠵᠠᠮ ᠬᠠᠷᠢᠯᠴᠠᠭᠠᠨ ᠤ ᠬᠦᠴᠦᠷᠬᠡᠭ | ᠤᠯᠤᠰ ᠤᠨ ᠪᠦᠳᠦᠭᠡᠨ ᠪᠠᠶᠢᠭᠤᠯᠤᠯᠲᠠ ᠶᠢᠨ ᠱᠠᠳᠤᠴᠢ ᠴᠢᠨᠠᠷᠲᠠᠢ ᠱᠠᠭᠠᠷᠳᠠᠯᠭ᠎ᠠ ᠳᠤ ᠶᠡᠷᠦᠩᠬᠡᠢ ᠳᠡᠭᠡᠨ | ᠵᠣᠬᠢᠴᠠᠭᠤᠯᠤᠨ᠎ᠠ᠃ | | ᠬᠤᠶᠠᠷ᠂ ᠭᠤᠣᠯᠳᠠᠯᠭ᠎ᠠ ᠲᠠᠢ ᠡᠭᠦᠷᠭᠡ | ︵ᠨᠢᠭᠡ︶ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠳᠠᠭᠠᠭᠠᠴᠠ ᠠᠴᠠ | ᠬᠡᠲᠦᠷᠡᠭᠦᠯᠦᠨ ᠬᠡᠮᠵᠢᠶ᠎ᠡ ᠠᠴᠠ ᠬᠡᠲᠦᠷᠡᠬᠦᠯᠬᠦ ᠶᠢ ᠵᠠᠰᠠᠬᠤ ᠶᠢ ᠭᠦᠨᠵᠡᠭᠡᠶ ᠦᠷᠨᠢᠬᠦᠯᠦᠨ᠎ᠡ | 1. ᠪᠠᠷᠠᠭ᠎ᠠ ᠠᠴᠢᠶᠠᠯᠠᠬᠤ ᠡᠬᠢ ᠡᠭᠦᠰᠦᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠤᠨ᠎ᠠ | ᠃ ᠠᠭᠤᠷᠬᠠᠶ᠂ ᠪᠠᠷᠢᠯᠭ᠎ᠠ ᠶᠢᠨ ᠮᠠᠲ᠋ᠧᠷᠢᠶᠠᠯ᠂ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ᠂ ᠪᠠᠷᠠᠭᠠᠨ ᠤ | ᠬᠦᠢᠯᠭᠡᠭᠡᠨ ᠤ ᠬᠦᠷᠢᠶᠡᠯᠡᠩ ᠲᠣᠭᠤᠷᠢᠭ ᠵᠡᠷᠭᠡ ᠭᠤᠤᠯᠳᠠᠯᠭ᠎ᠠ ᠲᠠᠢ ᠡᠬᠢ ᠡᠭᠦᠰᠦᠯ ᠤᠨ ᠨᠢᠭᠡᠴᠡ ᠶᠢᠨ ᠪᠠᠷᠠᠭᠠᠨ ᠤ | ᠲᠡᠷᠭᠡ ᠶᠢᠨ ᠦᠢᠯᠡᠳᠪᠦᠷᠢ ︵ᠲᠠᠯᠠᠪᠤᠷ᠂ ᠥᠷᠲᠡᠭᠡ︶ ᠠᠴᠠ ᠭᠠᠷᠬᠤ ᠶᠢᠨ ᠠᠴᠢᠶᠠᠯᠠᠭᠰᠠᠨ ᠪᠠᠶᠢᠳᠠᠯ ᠤᠨ | ᠪᠠᠶᠢᠴᠠᠭᠠᠯᠲᠠ ᠪᠠᠨ ᠭᠤᠤᠯᠳᠠᠯᠭ᠎ᠠ ᠲᠠᠢ ᠴᠢᠩᠭᠠᠳᠬᠠᠵᠤ᠂ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ | ᠬᠥᠰᠬᠡ ᠶᠢᠨ ᠦᠢᠯᠡᠳᠪᠦᠷᠢ ᠠᠴᠠ ᠭᠠᠷᠬᠤ ︵ᠲᠠᠯᠠᠪᠤᠷ᠂ ᠥᠷᠲᠡᠭᠡ︶ ᠪᠠᠷ ᠵᠠᠮ ᠳᠤ ᠭᠠᠷᠴᠤ ᠶᠠᠪᠤᠬᠤ ᠶᠢ | ᠴᠠᠭᠠᠵᠠᠯᠠᠨ᠎ᠠ᠃ ᠲᠡᠷᠭᠡ ᠬᠥᠰᠬᠡ ᠶᠢᠨ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠬᠠᠮᠲᠤᠷᠠᠨ ᠬᠠᠤᠯᠢ | ᠬᠡᠷᠡᠭᠵᠢᠭᠦᠯᠬᠦ ᠶᠢ ᠪᠠᠶᠢᠩᠭᠤᠵᠢᠭᠤᠯᠤᠨ ᠳᠦᠷᠢᠮᠵᠢᠭᠦᠯᠬᠦ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠳᠤ ᠬᠠᠤᠯᠢ | ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃ ︵ᠪᠡᠶᠡᠯᠡᠭᠦᠯᠬᠦ ᠴᠠᠭ ᠤᠨ ᠬᠢᠵᠠᠭᠠᠷ᠄ ᠨᠢᠭᠡᠨᠲᠡ ᠪᠠᠶᠢᠷᠢᠯᠠᠭᠤᠯᠪᠡ᠂ | ᠣᠷᠳᠣ ᠬᠤᠭᠤᠴᠠᠭ᠎ᠠ ᠪᠠᠷ ᠪᠠᠷᠢᠮᠲᠠᠯᠠᠨ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠨᠧᠷᠭᠢ ᠶᠢᠨ ᠲᠣᠪᠴᠢᠶ᠎ᠠ ᠵᠡᠷᠭᠡ︶ | 2. ᠰᠢᠨᠵᠢᠯᠡᠬᠦ ᠤᠬᠠᠭᠠᠨ ᠮᠡᠷᠭᠡᠵᠢᠯ ᠢᠶᠠᠷ ᠳᠠᠭᠠᠭᠠᠴᠠ ᠠᠴᠠ ᠬᠡᠲᠦᠷᠡᠭᠦᠯᠦᠨ ᠬᠡᠮᠵᠢᠶ᠎ᠡ ᠠᠴᠠ ᠬᠡᠲᠦᠷᠡᠬᠦᠯᠬᠦ ᠶᠢ | ᠵᠠᠰᠠᠬᠤ ᠠᠵᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠲᠡᠷᠭᠡ | ᠬᠥᠰᠬᠡ ᠶᠢᠨ ᠬᠠᠮᠢᠶᠠᠷᠤᠯᠲᠠ ᠶᠢᠨ ᠲᠠᠪᠴᠠᠩ ᠵᠡᠷᠭᠡ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠠᠰᠢᠭᠯᠠᠨ | ᠳᠠᠭᠠᠭᠠᠴᠠ ᠠᠴᠠ ᠬᠡᠲᠦᠷᠡᠭᠦᠯᠦᠨ ᠬᠡᠮᠵᠢᠶ᠎ᠡ ᠠᠴᠠ ᠬᠡᠲᠦᠷᠡᠬᠦᠯᠬᠦ ᠶᠢ ᠪᠠᠶᠢᠴᠠᠭᠠᠨ ᠬᠡᠮᠵᠢᠬᠦ ᠪᠠᠨ ᠴᠢᠩᠭᠠᠳᠬᠠᠵᠤ᠂ | ᠲᠤᠬᠠᠶ ᠶᠢᠨ ᠲᠠᠯᠠᠪᠤᠷ ᠤᠨ ᠪᠤᠰᠤ ᠬᠠᠤᠯᠢ ᠬᠡᠷᠡᠭᠵᠢᠭᠦᠯᠬᠦ ᠲᠥᠬᠦᠭᠡᠷᠦᠮᠵᠢ ᠶᠢ ᠠᠯᠢ ᠲᠦᠷᠭᠡᠨ ᠢᠶᠠᠷ ᠠᠰᠢᠭᠯᠠᠯᠲᠠ ᠳᠤ | ᠣᠷᠣᠭᠤᠯᠬᠤ ᠶᠢ ᠠᠬᠢᠭᠤᠯᠤᠨ᠂ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠮᠡᠳᠡᠭᠡ ᠵᠠᠩᠭᠢ ᠶᠢᠨ ᠡᠬᠢ | ᠪᠠᠶᠠᠯᠢᠭ ᠢ ᠰᠣᠯᠢᠯᠴᠠᠨ ᠬᠠᠮᠲᠤᠪᠠᠷ ᠭᠥᠷᠳᠡᠬᠦ ᠶᠢ ᠪᠡᠶᠡᠯᠡᠭᠦᠯᠵᠦ᠂ ︽ᠨᠢᠭᠡ ᠬᠡᠲᠤᠷᠡᠪᠡᠯ ᠳᠥᠷᠪᠡ ᠶᠢ ᠲᠣᠷᠭᠠᠬᠤ︾ ᠶᠢ | ᠴᠢᠩᠭ᠎ᠠ ᠨᠠᠶᠢᠳᠠᠪᠤᠷᠢᠵᠢᠭᠤᠯᠤᠨ᠎ᠠ᠃ ᠢᠲᠡᠭᠡᠮᠵᠢ ᠪᠠᠷ ᠬᠡᠮᠵᠢᠶ᠎ᠡ ᠠᠴᠠ ᠬᠡᠲᠦᠷᠡᠭᠦᠯᠬᠦ ᠶᠢ ᠵᠠᠰᠠᠬᠤ ᠶᠢ | ᠦᠷᠭᠦᠯᠵᠢᠯᠡᠨ ᠴᠢᠩᠭᠠᠳᠬᠠᠵᠤ᠂ ᠵᠠᠰᠠᠮᠠᠯ ᠵᠠᠮ ᠤᠨ ᠬᠡᠮᠵᠢᠶ᠎ᠡ ᠠᠴᠠ ᠬᠡᠲᠦᠷᠡᠭᠦᠯᠬᠦ ᠶᠢ ᠵᠠᠰᠠᠬᠤ ᠶᠢᠨ ︽ᠬᠠᠷ᠎ᠠ ᠲᠠᠩᠰᠠ | ︾ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠦᠨᠳᠦ ᠨᠣᠴᠢᠲᠠᠶ ᠬᠠᠤᠯᠢ ᠠᠴᠠ ᠵᠥᠷᠢᠴᠡᠵᠦ ᠢᠲᠡᠭᠡᠯ ᠢᠶᠠᠨ | ᠠᠯᠳᠠᠵᠤ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠭᠰᠠᠨ ᠲᠡᠭᠡᠭᠡᠪᠦᠷᠢ ᠶᠢᠨ ᠲᠡᠷᠭᠡ ᠬᠥᠰᠬᠡ ᠶᠢᠨ ᠬᠤᠯᠪᠤᠭᠳᠠᠯ ᠪᠥᠬᠦᠶ | ᠬᠠᠷᠢᠭᠤᠴᠠᠯᠭ᠎ᠠ ᠶᠢᠨ ᠭᠤᠤᠯ ᠴᠣᠭᠴᠠ ᠳᠤ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠎ᠡ᠃ | ᠬᠤᠲᠠ ᠶᠢᠨ ᠬᠡᠪᠴᠢᠶᠡᠨ ᠳᠤ ᠡᠵᠡᠩᠨᠡᠬᠦ ᠭᠠᠳᠠᠷ ᠣᠷᠣᠨ ᠤ ᠲᠡᠷᠭᠡ ᠬᠥᠰᠬᠡ ᠶᠢᠨ ᠬᠠᠮᠢᠶᠠᠷᠤᠯᠲᠠ ᠶᠢᠨ ᠲᠣᠭᠲᠠᠴᠠ ᠶᠢ | ᠪᠠᠶᠢᠭᠤᠯᠵᠤ᠂ ᠬᠤᠲᠠ ᠶᠢᠨ ᠬᠡᠪᠴᠢᠶᠡᠨ ᠳᠠᠬᠢ ᠶᠡᠭᠡ ᠬᠡᠮᠵᠢᠶᠡᠨ ᠤ ᠪᠠᠷᠠᠭ᠎ᠠ ᠶᠢᠨ ᠡᠵᠡᠩᠨᠡᠯᠲᠡ ᠶᠢᠨ ᠲᠡᠷᠭᠡ | ᠬᠥᠰᠬᠡ ᠶᠢᠨ ᠳ᠋ᠠᠶᠢᠲ᠋ᠠ ᠬᠥᠮᠥᠷᠭᠡ ᠶᠢ ᠲᠡᠭᠦᠯᠳᠡᠷᠵᠢᠬᠦᠯᠦᠨ᠎ᠡ᠃ ︵ᠪᠡᠶᠡᠯᠡᠭᠦᠯᠬᠦ ᠴᠠᠭ ᠤᠨ ᠬᠢᠵᠠᠭᠠᠷ᠄ ᠨᠢᠭᠡᠨᠲᠡ | ᠪᠠᠶᠢᠷᠢᠯᠠᠭᠤᠯᠪᠡ᠂ ᠣᠷᠳᠣ ᠬᠤᠭᠤᠴᠠᠭ᠎ᠠ ᠪᠠᠷ ᠪᠠᠷᠢᠮᠲᠠᠯᠠᠨ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠨᠧᠷᠭᠢ ᠶᠢᠨ ᠲᠣᠪᠴᠢᠶ᠎ᠠ | ᠵᠡᠷᠭᠡ︶ | ︵ᠬᠤᠶᠠᠷ︶ ᠴᠠᠬᠢᠯᠭᠠᠨ ᠭᠠᠷᠭᠠᠬᠤ᠂ ᠬᠡᠦᠷᠰᠢᠭᠦᠯᠬᠦ ᠠᠵᠢᠯ ᠲᠥᠷᠥᠯ ᠤᠨ ᠵᠠᠰᠠᠮᠠᠯ ᠵᠠᠮ ᠤᠨ ᠪᠠᠷᠠᠭᠠᠨ ᠤ | ᠲᠡᠭᠡᠭᠡᠪᠦᠷᠢ ᠶᠢᠨ ᠠᠷᠭ᠎ᠠ ᠮᠠᠶ᠋ᠢᠭ ᠢ ᠰᠢᠯᠢᠳᠡᠭᠵᠢᠬᠦᠯᠦᠨ᠎ᠡ | 3.ᠨᠡᠭᠦᠷᠡᠰᠦ ᠰᠢᠲᠠᠭᠠᠵᠤ ᠴᠠᠬᠢᠯᠭᠠᠨ ᠭᠠᠷᠭᠠᠬᠤ ᠦᠢᠯᠡᠳᠪᠦᠷᠢ᠂ ᠬᠡᠦᠷᠰᠢᠭᠦᠯᠬᠦ ᠠᠵᠤ ᠠᠬᠤᠶᠢᠯᠠᠯ ᠳᠤ | ᠭᠤᠣᠯᠳᠠᠯᠭ᠎ᠠ ᠲᠠᠢ ᠶᠠᠪᠤᠭᠳᠠᠭᠤᠯᠤᠨ᠎ᠠ᠃ ︽ᠵᠠᠰᠠᠭ ᠤᠨ ᠣᠷᠳᠣᠨ ᠬᠥᠲᠥᠯᠦᠨ ᠵᠢᠯᠣᠭᠤᠳᠬᠤ᠂ ᠠᠵᠤ | ᠠᠬᠤᠶᠢᠯᠠᠯ ᠢᠶᠠᠷ ᠭᠤᠤᠯᠯᠠᠭᠤᠯᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠭᠦᠷᠡᠰᠦ ᠰᠢᠲᠠᠭᠠᠬᠤ ᠴᠠᠬᠢᠯᠭᠠᠨ ᠤ | ᠦᠢᠯᠡᠳᠪᠦᠷᠢ᠂ ᠬᠡᠦᠷᠰᠢᠭᠦᠯᠬᠦ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠨᠡᠭᠦᠷᠡᠰᠦ ᠵᠡᠷᠭᠡ | ᠪᠠᠷᠠᠭᠠᠨ ᠤ ᠲᠡᠭᠡᠭᠡᠪᠦᠷᠢ ᠶᠢ ᠪᠠᠷᠢᠮᠵᠢᠶᠠᠵᠢᠭᠤᠯᠬᠤ᠂ ᠪᠥᠭᠡᠮ ᠢᠶᠠᠷ ᠤᠭᠰᠠᠷᠠᠬᠤ᠂ ᠰᠢᠨ᠎ᠡ ᠡᠨᠧᠷᠭᠢᠵᠢᠭᠦᠯᠬᠦ ᠳᠠᠰᠢ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠪᠡᠶᠡᠯᠡᠭᠦᠯᠦᠨ᠎ᠡ᠃ ᠦᠢᠯᠡᠳᠪᠦᠷᠢ ᠠᠴᠠ ᠣᠷᠣᠭᠤᠯᠵᠤ ᠭᠠᠷᠭᠠᠬᠤ | ᠡᠳ᠋ ᠪᠣᠳᠠᠰ ᠮᠠᠲ᠋ᠧᠷᠢᠶᠠᠯ ᠤᠨ ᠲᠡᠭᠡᠭᠡᠪᠦᠷᠢ ᠳᠤ ᠬᠡᠷᠡᠭᠯᠡᠬᠦ ᠤᠰᠤᠲᠥ᠋ᠷᠥᠭᠴᠢ ᠡᠨᠧᠷᠭᠢ᠂ ᠴᠡᠪᠡᠷ ᠴᠠᠬᠢᠯᠭᠠᠨ ᠬᠥᠳᠡᠯᠭᠡᠬᠦ | ᠵᠡᠷᠭᠡ ᠰᠢᠨ᠎ᠡ ᠡᠨᠧᠷᠭᠢ ᠶᠢᠨ ᠲᠡᠷᠭᠡ ᠬᠥᠰᠬᠡ᠂ ᠦᠢᠯᠡᠳᠪᠦᠷᠢ ᠶᠢᠨ ᠳᠣᠲᠣᠷᠠᠬᠢ ᠳᠠᠮᠵᠢᠭᠤᠯᠤᠨ ᠲᠡᠭᠡᠭᠡᠪᠦᠷᠢᠯᠡᠬᠦ | ᠲᠡᠷᠭᠡ ᠬᠥᠰᠬᠡ ᠪᠣᠯᠤᠨ ᠠᠴᠢᠶᠠᠯᠠᠬᠤ ᠮᠠᠰᠢᠨ ᠮᠧᠬᠠᠨᠢᠭ ᠵᠡᠷᠭᠡ ᠶᠢ ᠰᠢᠨ᠎ᠡ ᠡᠨᠧᠷᠭᠢ ᠶᠢᠨ ᠲᠡᠷᠭᠡ ᠬᠥᠰᠬᠡ᠂ ᠮᠠᠰᠢᠨ | ᠮᠧᠬᠠᠨᠢᠭ ᠪᠣᠯᠭᠠᠨ ᠰᠣᠯᠢᠬᠤ ᠶᠢ ᠪᠡᠶᠡᠯᠡᠭᠦᠯᠦᠨ᠎ᠡ᠃ ︵ᠪᠡᠶᠡᠯᠡᠭᠦᠯᠬᠦ ᠴᠠᠭ ᠤᠨ ᠬᠢᠵᠠᠭᠠᠷ᠄ ᠣᠨ ᠤ ᠬᠠᠷᠠᠯᠲᠠ ᠪᠠᠷ | ᠠᠬᠢᠭᠤᠯᠤᠨ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠨᠧᠷᠭᠢ ᠶᠢᠨ ᠲᠣᠪᠴᠢᠶ᠎ᠠ᠂ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠲᠣᠪᠴᠢᠶ᠎ᠠ︶ | ︵ᠭᠤᠷᠪᠠ︶ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠵᠠᠰᠠᠮᠠᠯ ᠵᠠᠮ ᠤᠨ ᠪᠠᠷᠠᠭᠠᠨ ᠤ | ᠲᠡᠭᠡᠭᠡᠪᠦᠷᠢ ᠶᠢᠨ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠤᠨ᠎ᠠ | 4. ᠵᠠᠮ ᠤᠨ ᠡᠷᠬᠡ ᠶᠢ ᠤᠷᠢᠳᠠᠪᠠᠷ ᠪᠣᠳᠣᠯᠬᠢᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠳᠡᠯᠭᠡᠷᠡᠭᠦᠯᠬᠦ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠪᠠᠷᠠᠭᠠᠨ ᠤ ᠬᠦᠢᠯᠭᠡᠭᠡᠨ ᠤ ᠬᠦᠷᠢᠶᠡᠨ ᠳᠠᠬᠢ ᠪᠣᠬᠢᠷᠲᠤᠯ | ᠥᠬᠡᠶ ᠲᠤᠤᠷ᠎ᠠ ᠨᠡᠭᠦᠷᠡᠰᠦᠲᠥ᠋ᠷᠥᠭᠴᠢᠲᠤ ᠪᠠᠷ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠳᠥᠯᠭᠢᠨ | ᠠᠬᠢᠭᠤᠯᠵᠤ᠂ ᠰᠢᠨ᠎ᠡ ᠶᠢ ᠡᠭᠦᠳᠦᠨ ᠰᠦᠪᠡᠭᠴᠢᠯᠡᠵᠦ᠂ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠵᠤ᠂ ᠪᠥᠬᠦ | ᠬᠤᠲᠠ ᠶᠢᠨ ᠡᠩ ᠤᠨ ᠵᠠᠰᠠᠮᠠᠯ ᠵᠠᠮ ᠤᠨ ᠰᠦᠢᠳᠬᠡᠯ ᠬᠤᠷᠢᠶᠠᠬᠤ ᠥᠷᠲᠡᠭᠡ᠂ ᠬᠡᠮᠵᠢᠶ᠎ᠡ ᠠᠴᠠ ᠬᠡᠲᠦᠷᠡᠬᠦ ᠶᠢ | ᠪᠠᠶᠢᠴᠠᠭᠠᠨ ᠬᠡᠮᠵᠢᠬᠦ ᠥᠷᠲᠡᠭᠡ ᠵᠡᠷᠭᠡ ᠳᠤ ᠰᠢᠨ᠎ᠡ ᠡᠨᠧᠷᠭᠢ ᠶᠢᠨ ᠨᠢᠭᠲᠠ ᠪᠢᠲᠡᠭᠦᠮᠵᠢᠯᠡᠭᠰᠡᠨ ᠬᠦᠨᠳᠦ ᠠᠴᠢᠶᠠᠨ ᠤ | ᠮᠠᠰᠢᠨ ᠤ ᠤᠷᠢᠳᠠᠪᠠᠷ ᠬᠡᠷᠡᠭᠯᠡᠬᠦ ᠵᠠᠮ ᠤᠨ ᠡᠷᠬᠡ ᠶᠢᠨ ᠠᠯᠪᠠᠨ ᠵᠠᠷ ᠤᠨ ᠰᠠᠮᠪᠠᠷ᠎ᠠ ᠭᠠᠷᠭᠠᠵᠤ᠂ ᠲᠤᠰᠬᠠᠶ ᠬᠡᠷᠡᠭᠯᠡᠬᠦ 365bet400电话_365bet亚洲官方_www.28365-365.com | ᠰᠠᠭᠠᠳ ᠥᠬᠡᠶ ᠨᠡᠪᠲᠡᠷᠡᠬᠦ ᠵᠠᠮ ᠭᠠᠷᠭᠠᠬᠤ᠂ ᠤᠷᠢᠳᠠᠪᠠᠷ ᠨᠡᠪᠲᠡᠷᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠰᠢᠨ᠎ᠡ ᠡᠨᠧᠷᠭᠢ ᠶᠢᠨ ᠨᠢᠭᠲᠠ ᠪᠢᠲᠡᠭᠦᠮᠵᠢᠯᠡᠭᠰᠡᠨ ᠬᠦᠨᠳᠦ ᠠᠴᠢᠶᠠᠨ ᠤ ᠮᠠᠰᠢᠨ ᠤ ᠤᠷᠢᠳᠠᠪᠠᠷ ᠬᠡᠷᠡᠭᠯᠡᠬᠦ ᠵᠠᠮ ᠤᠨ | ᠡᠷᠬᠡ ᠶᠢ ᠪᠠᠲᠤᠯᠠᠨ᠎ᠠ᠃ ᠡᠯ᠎ᠡ ᠨᠡᠭᠦᠷᠡᠰᠦ ᠰᠢᠲᠠᠭᠠᠵᠤ ᠴᠠᠬᠢᠯᠭᠠᠨ ᠭᠠᠷᠭᠠᠬᠤ ᠦᠢᠯᠡᠳᠪᠦᠷᠢ᠂ ᠬᠡᠦᠷᠰᠢᠭᠦᠯᠬᠦ ᠠᠵᠤ | ᠠᠬᠤᠶᠢᠯᠠᠯ ᠢ ᠰᠢᠮᠳᠠᠭᠤᠯᠵᠤ ᠪᠠᠶᠢᠭᠠᠳ ᠦᠢᠯᠡᠳᠪᠦᠷᠢ ᠶᠢᠨ ᠲᠣᠭᠤᠷᠢᠭ ᠤᠨ ᠢᠯᠡᠷᠬᠡᠶ ᠪᠠᠶᠢᠷᠢᠨ ᠳᠤ ᠰᠢᠨ᠎ᠡ | ᠡᠨᠧᠷᠭᠢ ᠶᠢᠨ ᠲᠡᠷᠭᠡ ᠬᠥᠰᠬᠡ ᠤᠷᠢᠳᠠᠪᠡᠷ ᠬᠦᠢᠴᠡᠳᠭᠡᠬᠦ ᠲᠤᠬᠠᠶᠢᠯᠠᠭᠰᠠᠨ ᠠᠵᠢᠯ ᠤᠨ ᠠᠯᠪᠠᠨ ᠵᠠᠷ ᠤᠨ ᠰᠠᠮᠪᠠᠷ᠎ᠠ | ᠲᠤᠬᠢᠷᠠᠭᠤᠯᠵᠤ᠂ ᠲᠡᠳᠡᠨ ᠤ ᠠᠵᠤ ᠠᠬᠤᠶᠢᠯᠠᠯ ᠤᠨ ᠳᠣᠲᠣᠭᠠᠳᠤ ᠳᠤ ᠤᠷᠢᠳᠠᠪᠠᠷ ᠨᠡᠪᠲᠡᠷᠡᠬᠦ᠂ ᠤᠷᠢᠳᠠᠪᠠᠷ | ᠠᠴᠢᠶᠠᠯᠠᠵᠤ ᠪᠠᠭᠤᠯᠭᠠᠬᠤ ᠵᠡᠷᠭᠡ ᠡᠷᠬᠡ ᠲᠠᠢ ᠪᠠᠶᠢᠬᠤ ᠶᠢ ᠪᠠᠲᠤᠯᠠᠨ᠎ᠠ᠃ ︵ᠪᠡᠶᠡᠯᠡᠭᠦᠯᠬᠦ ᠴᠠᠭ ᠤᠨ ᠬᠢᠵᠠᠭᠠᠷ᠄ | 2022 ᠣᠨ ᠤ 6 ᠰᠠᠷ᠎ᠠ ᠶᠢᠨ ᠰᠡᠭᠦᠯᠴᠢ ᠠᠴᠠ ᠡᠮᠦᠨ᠎ᠡ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ︶ | 5. ᠰᠢᠨ᠎ᠡ ᠡᠨᠧᠷᠭᠢ ᠶᠢᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠨ᠎ᠡ᠃ ᠨᠡᠶᠢᠭᠡᠮ ᠤᠨ | ᠦᠢᠯᠡᠴᠢᠯᠡᠭᠡᠨ ᠤ ᠥᠷᠲᠡᠭᠡ᠂ ᠲᠤᠰᠬᠠᠶ ᠴᠤᠩᠬᠤᠪᠴᠢ᠂ ᠰᠠᠭᠠᠳ ᠥᠬᠡᠶ ᠨᠡᠪᠲᠡᠷᠡᠬᠦ ᠵᠠᠮ ᠪᠠᠶᠢᠭᠤᠯᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠤᠰᠤᠲᠥ᠋ᠷᠥᠭᠴᠢ ᠡᠨᠧᠷᠭᠢ᠂ ᠴᠡᠪᠡᠷ ᠴᠠᠬᠢᠯᠭᠠᠨ ᠬᠥᠳᠡᠯᠭᠡᠭᠦᠷ ᠵᠡᠷᠭᠡ ᠰᠢᠨ᠎ᠡ | ᠡᠨᠧᠷᠭᠢ ᠶᠢᠨ ᠲᠡᠷᠭᠡ ᠬᠥᠰᠬᠡ ᠶᠢ ᠳᠠᠩᠰᠠᠯᠠᠬᠤ᠂ ᠬᠤᠪᠢᠷᠠᠭᠤᠯᠬᠤ ᠵᠡᠷᠭᠡ ᠳᠤ ︽ᠳᠠᠷᠦ᠋ᠢᠬᠠᠨ ᠬᠦᠢᠴᠡᠳᠬᠡᠬᠦ᠂ | ᠣᠶᠢᠷ᠎ᠠ ᠬᠠᠪᠢ ᠳᠠᠭᠠᠨ ᠬᠦᠢᠴᠡᠳᠬᠡᠬᠦ᠂ ᠤᠷᠢᠳᠠᠪᠠᠷ ᠬᠦᠢᠴᠡᠳᠬᠡᠬᠦ︾ ᠦᠢᠯᠡᠴᠢᠯᠡᠭᠡ ᠬᠠᠩᠭᠠᠨ᠎ᠠ︔ | ᠤᠰᠤᠲᠥ᠋ᠷᠥᠭᠴᠢ ᠡᠨᠧᠷᠭᠢ᠂ ᠴᠡᠪᠡᠷ ᠴᠠᠬᠢᠯᠭᠠᠨ ᠬᠥᠳᠡᠯᠭᠡᠭᠦᠷ ᠵᠡᠷᠭᠡ ᠰᠢᠨ᠎ᠡ ᠡᠨᠧᠷᠭᠢ ᠶᠢᠨ ᠲᠡᠷᠭᠡ ᠬᠥᠰᠬᠡ ᠶᠢ | ᠪᠥᠭᠡᠮ ᠢᠶᠠᠷ ᠬᠤᠳᠠᠯᠳᠤᠨ ᠠᠪᠬᠤ ᠳᠤ᠂ ᠬᠡᠷ ᠲᠤᠨᠢ ᠬᠦᠷᠴᠦ ︽ᠤᠷᠢᠳᠴᠢᠯᠠᠨ ᠪᠠᠶᠢᠴᠠᠭᠠᠨ ᠰᠢᠯᠭᠠᠬᠤ︾ ᠶᠢ | ᠬᠠᠩᠭᠠᠵᠤ᠂ ︽ᠪᠥᠭᠡᠮ ᠢᠶᠠᠷ ᠬᠦᠢᠴᠡᠳᠬᠡᠬᠦ︾ ᠶᠢ ᠪᠡᠶᠡᠯᠡᠭᠦᠯᠦᠨ᠎ᠡ︔ ᠵᠠᠷᠴᠢᠮ ᠳᠡᠭᠡᠷ᠎ᠡ ᠪᠠᠨ ᠨᠢᠭᠡ ᠡᠳᠦᠷ ᠤᠨ | ᠳᠣᠲᠣᠷ᠎ᠠ ᠰᠢᠨ᠎ᠡ ᠡᠨᠧᠷᠭᠢ ᠶᠢᠨ ᠲᠡᠷᠭᠡ ᠬᠥᠰᠬᠡ ᠶᠢ ᠳᠠᠩᠰᠠᠯᠠᠬᠤ᠂ ᠬᠤᠪᠢᠷᠠᠭᠤᠯᠬᠤ ᠵᠡᠷᠭᠡ ᠲᠡᠷᠭᠡ ᠬᠥᠰᠬᠡ ᠶᠢ | ᠳᠠᠩᠰᠠᠯᠠᠬᠤ ᠲᠤᠬᠠᠶᠢᠯᠠᠭᠰᠠᠨ ᠠᠵᠢᠯ ᠢᠶᠠᠨ ᠪᠡᠶᠡᠯᠡᠬᠦᠯᠦᠨ᠎ᠡ᠃ ᠬᠡᠰᠡᠭ ᠶᠠᠪᠤᠬᠤ ᠶᠢ ᠴᠠᠭᠠᠵᠠᠯᠠᠬᠤ᠂ ᠥᠨᠳᠥᠷ | ᠬᠤᠷᠳᠤᠴᠠ ᠶᠢ ᠬᠢᠵᠠᠭᠠᠷᠯᠠᠬᠤ ᠵᠠᠮ ᠤᠨ ᠬᠡᠰᠡᠭ ᠢ ᠰᠢᠨ᠎ᠡ ᠡᠨᠧᠷᠭᠢ ᠶᠢᠨ ᠲᠡᠷᠭᠡ ᠬᠥᠰᠬᠡ ᠳᠤ ᠴᠢᠯᠥᠭᠡᠲᠡᠶ | ᠨᠡᠪᠲᠡᠷᠡᠭᠦᠯᠬᠦ ᠶᠠᠪᠤᠳᠠᠯ ᠢ ᠰᠣᠳᠣᠯᠣᠨ᠎ᠠ᠃ ︵ᠪᠡᠶᠡᠯᠡᠭᠦᠯᠬᠦ ᠴᠠᠭ ᠤᠨ ᠬᠢᠵᠠᠭᠠᠷ᠄ 2022 ᠣᠨ ᠤ 6 ᠰᠠᠷ᠎ᠠ ᠶᠢᠨ | ᠰᠡᠭᠦᠯᠴᠢ ᠠᠴᠠ ᠡᠮᠦᠨ᠎ᠡ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ︶ | 6. ᠤᠰᠤᠲᠥ᠋ᠷᠥᠭᠴᠢ ᠨᠡᠮᠡᠬᠦ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢᠨ ᠭᠠᠷᠳᠠᠮ ᠢ ᠳᠥᠭᠦᠮᠴᠢᠯᠡᠨ᠎ᠡ᠃ | ᠲᠥᠯᠥᠪᠵᠢᠭᠦᠯᠭᠡ ᠳᠤ ᠵᠢᠭᠰᠠᠭᠠᠨ ᠣᠷᠣᠭᠤᠯᠵᠤ ᠪᠥᠲᠥᠭᠡᠨ ᠪᠠᠶᠢᠭᠤᠯᠬᠤ ᠪᠠᠷ ᠪᠠᠶᠢᠭ᠎ᠠ ᠤᠰᠤᠲᠥ᠋ᠷᠥᠭᠴᠢ ᠨᠡᠮᠡᠬᠦ | ᠥᠷᠲᠡᠭᠡ ᠶᠢ ᠳᠡᠩᠰᠡᠯᠡᠵᠦ᠂ ᠠᠵᠢᠯᠯᠠᠭᠤᠯᠬᠤ ᠳᠤ ︽ᠦᠬᠠᠶ ᠬᠤᠲᠠ ᠶᠢᠨ ᠤᠰᠤᠲᠥ᠋ᠷᠥᠭᠴᠢ ᠨᠡᠮᠡᠬᠦ ᠥᠷᠲᠡᠭᠡ ᠶᠢᠨ | ᠬᠠᠮᠢᠶᠠᠷᠤᠯᠲᠠ ᠶᠢᠨ ᠠᠷᠭ᠎ᠠ ︵2019 — 2022︶︾ ︵ᠲᠤᠷᠰᠢᠨ ᠬᠡᠷᠡᠭᠵᠢᠭᠦᠯᠬᠦ︶ ᠶᠢᠨ ᠶᠣᠰᠣᠭᠠᠷ | ᠬᠤᠯᠪᠤᠭᠳᠠᠯ ᠪᠥᠬᠦᠶ ᠭᠠᠷᠳᠠᠮ ᠢ ᠬᠦᠢᠴᠡᠳᠬᠡᠨ᠎ᠡ᠃ ᠲᠣᠰᠣ ᠨᠡᠮᠡᠬᠦ ︵ᠬᠡᠶ︶ ᠥᠷᠲᠡᠭᠡ ᠬᠢᠭᠡᠳ ᠤᠰᠤᠲᠥ᠋ᠷᠥᠭᠴᠢ | ᠨᠡᠮᠡᠬᠦ ᠥᠷᠲᠡᠭᠡ ᠶᠢ ᠬᠠᠮᠲᠤᠷᠠᠨ ᠪᠠᠶᠢᠭᠤᠯᠬᠤ ᠶᠢ ᠵᠣᠷᠢᠭᠵᠢᠭᠤᠯᠵᠤ᠂ ᠤᠯᠤᠰ ᠤᠨ ᠥᠮᠴᠢᠯᠡᠯ ᠤᠨ ᠭᠠᠵᠠᠷ | ᠰᠢᠷᠣᠶ ᠶᠢᠨ ᠬᠡᠷᠡᠭᠯᠡᠬᠦ ᠡᠷᠬᠡ ᠶᠢ ᠨᠢᠭᠡᠨᠲᠡ ᠣᠯᠤᠭᠰᠠᠨ ᠪᠠᠶᠢᠪᠠᠯ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ | ᠮᠥᠴᠢᠷ ᠠᠴᠠ ᠰᠢᠨ᠎ᠡ ᠪᠠᠷ ᠪᠠᠶᠢᠭᠤᠯᠬᠤ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠵᠥᠪᠰᠢᠶᠡᠷᠡᠯ ᠤᠨ ᠭᠠᠷᠳᠠᠮ ᠢ | ᠬᠦᠢᠴᠡᠳᠬᠡᠵᠦ᠂ ᠲᠥᠯᠥᠪᠵᠢᠭᠦᠯᠭᠡ ᠶᠢᠨ ᠭᠠᠵᠠᠷ ᠬᠡᠷᠡᠭᠯᠡᠬᠦ ᠭᠠᠷᠳᠠᠮ ᠢ ᠬᠦᠢᠴᠡᠳᠬᠡᠬᠦ ᠠᠴᠠ ᠭᠡᠯᠳᠦᠷᠢᠭᠦᠯᠦᠨ᠎ᠡ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ︶ | 7. ᠭᠠᠶᠢᠯᠢ ᠰᠦᠢᠳᠬᠡᠯ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ | ᠤᠯᠤᠰ ᠤᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠱᠠᠭᠠᠷᠳᠠᠯᠭ᠎ᠠ ᠳᠤ | ᠨᠡᠶᠢᠴᠡᠭᠰᠡᠨ ᠰᠢᠨ᠎ᠡ ᠡᠨᠧᠷᠭᠢ ᠶᠢᠨ ᠮᠠᠰᠢᠨ ᠲᠡᠷᠭᠡ ᠠᠴᠠ ᠲᠡᠷᠭᠡ ᠬᠥᠰᠬᠡ ᠬᠤᠳᠠᠯᠳᠤᠨ ᠠᠪᠬᠤ ᠭᠠᠶᠢᠯᠢ᠂ ᠲᠡᠷᠭᠡ | ᠣᠩᠭᠤᠴᠠ ᠶᠢᠨ ᠭᠠᠶᠢᠯᠢ ᠲᠠᠲᠠᠪᠤᠷᠢᠯᠠᠬᠤ ᠶᠢ ᠭᠡᠯᠳᠦᠷᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ | ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠪᠠ ᠭᠤᠤᠯᠳᠠᠯᠭ᠎ᠠ ᠲᠠᠢ ᠳᠡᠮᠵᠢᠬᠦ | ᠠᠵᠤ ᠦᠢᠯᠡᠰ ᠤᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ 2025 ᠣᠨ ᠤ | ᠵᠢᠯ ᠤᠨ ᠰᠡᠭᠦᠯᠴᠢ ᠠᠴᠠ ᠡᠮᠦᠨ᠎ᠡ᠂ ᠲᠥᠪᠯᠡᠷᠡᠩᠭᠦᠶ ᠮᠠᠶ᠋ᠢᠭ ᠤᠨ ᠴᠠᠬᠢᠯᠭᠠᠨ ᠴᠡᠨᠡᠭᠯᠡᠵᠦ ᠰᠣᠯᠢᠬᠤ ᠪᠡᠯᠡᠳᠬᠡᠮᠵᠢ ᠠᠴᠠ | ᠪᠠᠭᠲᠠᠭᠠᠮᠵᠢᠲᠤ ᠴᠠᠬᠢᠯᠭᠠᠨ ᠤ ᠰᠦᠢᠳᠬᠡᠯ ᠬᠤᠷᠢᠶᠠᠬᠤ ᠥᠬᠡᠶ ᠪᠠᠶᠢᠵᠤ᠂ ᠴᠠᠬᠢᠯᠭᠠᠨ ᠴᠡᠨᠡᠭᠯᠡᠵᠦ ᠰᠣᠯᠢᠬᠤ ᠴᠠᠬᠢᠯᠭᠠᠨ | ᠥᠷᠲᠡᠭᠡ ᠶᠢᠨ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠲᠤ ᠣᠷᠣᠯᠴᠠᠬᠤ ᠪᠠᠷ ᠳᠠᠮᠵᠢᠭᠤᠯᠤᠨ ᠴᠠᠬᠢᠯᠭᠠᠨ ᠬᠡᠷᠡᠭᠯᠡᠬᠦ | ᠦᠨ᠎ᠡ ᠬᠠᠩᠰᠢ ᠶᠢ ᠪᠠᠭᠤᠷᠠᠭᠤᠯᠬᠤ ᠶᠢ ᠵᠣᠷᠢᠭᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠤᠯᠤᠰ ᠤᠨ | ᠭᠠᠶᠢᠯᠢ ᠶᠢᠨ ᠶᠠᠪᠤᠳᠠᠯ ᠤᠨ ᠶᠡᠷᠦᠩᠬᠡᠶ ᠲᠤᠪᠴᠢᠶᠠᠨ ᠤ ᠦᠬᠠᠶ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ | ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ | ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠬᠠᠶ ᠶᠢᠨ ᠴᠠᠬᠢᠯᠭᠠᠨ ᠬᠠᠩᠭᠠᠬᠤ | ᠬᠤᠪᠢᠶᠠᠷᠢ ᠺᠣᠮᠫᠠᠨᠢ︶ | 8. ᠥᠨᠳᠥᠷ ᠦᠷ᠎ᠡ ᠪᠦᠲᠦᠮᠵᠢᠲᠡᠶ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢᠨ ᠵᠠᠭᠪᠤᠷ ᠢ | ᠳᠡᠯᠭᠡᠷᠡᠭᠦᠯᠦᠨ᠎ᠡ᠃ ᠲᠡᠮᠦᠷ ᠵᠠᠮ ᠤᠨ ᠪᠠᠷᠠᠭᠠᠨ ᠤ ᠲᠠᠯᠠᠪᠠᠶ᠂ ᠪᠠᠷᠠᠭᠠᠨ ᠤ ᠬᠦᠢᠯᠭᠡᠭᠡᠨ ᠤ ᠬᠦᠷᠢᠶᠡᠯᠡᠩ ᠲᠣᠭᠤᠷᠢᠭ᠂ | ᠳᠡᠭᠡᠳᠦ ᠬᠤᠷᠲᠤᠴᠠᠲᠤ ᠵᠠᠰᠠᠮᠠᠯ ᠵᠠᠮ ᠤᠨ ᠣᠷᠣᠵᠤ ᠭᠠᠷᠬᠤ ᠭᠠᠵᠠᠷ ᠵᠡᠷᠭᠡ ᠳᠤ ᠲᠦᠰᠢᠭᠯᠡᠨ ᠣᠯᠠᠨ ᠬᠡᠯᠪᠡᠷᠢ ᠶᠢᠨ | ᠬᠤᠯᠪᠣᠭᠠᠯᠠᠨ ᠲᠡᠭᠡᠭᠡᠪᠦᠷᠢᠯᠡᠬᠦ ᠴᠢᠳᠠᠮᠵᠢ ᠲᠠᠢ ᠪᠤᠶᠤ ᠥᠨᠳᠥᠷ ᠦᠷ᠎ᠡ ᠪᠦᠲᠦᠮᠵᠢᠲᠡᠶ ᠪᠠᠷ ᠵᠣᠯᠭᠠᠭᠤᠯᠤᠭᠰᠠᠨ | ᠪᠠᠷᠠᠭᠠᠨ ᠤ ᠲᠡᠭᠡᠭᠡᠪᠦᠷᠢ ᠶᠢᠨ ᠬᠦᠢᠰᠦ ᠶᠢ ᠪᠥᠲᠥᠭᠡᠨ ᠪᠠᠶᠢᠭᠤᠯᠵᠤ᠂ ᠲᠡᠮᠦᠷ ᠵᠠᠮ ᠤᠨ ᠪᠠᠷᠠᠭᠠᠨ ᠤ ᠬᠦᠢᠯᠭᠡᠭᠡᠨ ᠤ | ᠰᠠᠭᠤᠷᠢᠨ ᠭᠠᠵᠠᠷ᠂ ᠵᠠᠰᠠᠮᠠᠯ ᠵᠠᠮ ᠤᠨ ᠥᠷᠲᠡᠭᠡ ᠲᠠᠯᠠᠪᠤᠷ ᠵᠡᠷᠭᠡ ᠶᠢ ᠲᠠᠰ ᠳᠡᠪᠰᠢᠭᠦᠯᠦᠨ ᠥᠭᠡᠷᠡᠴᠢᠯᠡᠬᠦ ᠶᠢ | ᠠᠬᠢᠭᠤᠯᠬᠤ ᠪᠤᠶᠤ ᠰᠢᠤᠳᠠᠨ᠂ ᠲᠦᠷᠭᠡᠨ ᠬᠦᠷᠭᠡᠯᠳᠡ ᠶᠢᠨ ᠴᠢᠳᠠᠮᠵᠢᠳᠤ ᠣᠷᠣᠨ ᠢ ᠵᠡᠷᠭᠡ ᠳᠤᠨᠢ ᠳᠣᠭᠢᠷᠠᠭᠤᠯᠵᠤ᠂ | ᠪᠠᠷᠠᠭᠠᠨ ᠤ ᠲᠡᠭᠡᠭᠡᠪᠦᠷᠢ ᠶᠢᠨ ︽ᠵᠠᠪᠰᠠᠷ ᠥᠬᠡᠶ ᠵᠣᠯᠭᠠᠭᠤᠯᠬᠤ︾ ᠶᠢ ᠲᠦᠷᠭᠡᠳᠬᠡᠨ ᠪᠡᠶᠡᠯᠡᠭᠦᠯᠦᠨ᠎ᠡ᠃ ᠲᠤᠤᠷ᠎ᠠ | ᠨᠡᠭᠦᠷᠡᠰᠦᠲᠥ᠋ᠷᠥᠭᠴᠢᠲᠤ ᠬᠦᠷᠢᠶᠡᠯᠡᠩ ᠲᠣᠭᠤᠷᠢᠭ ᠤᠨ ᠲᠡᠮᠥᠷ ᠵᠠᠮ ᠤᠨ ᠲᠤᠰᠬᠠᠶ ᠬᠡᠷᠡᠭᠯᠡᠭᠡᠨ ᠤ ᠱᠤᠭᠤᠮ ᠤᠨ | ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠪᠠᠨ ᠲᠦᠷᠭᠡᠳᠬᠡᠨ᠂ ᠲᠡᠮᠥᠷ ᠵᠠᠮ ᠢᠶᠠᠷ ᠭᠤᠣᠯ ᠪᠣᠯᠭᠠᠭᠰᠠᠨ ᠤᠯᠠᠨ | ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢ ᠶᠡᠬᠡᠪᠡᠷ ᠬᠥᠭᠵᠢᠭᠦᠯᠵᠦ᠂ ᠠᠵᠤ ᠠᠬᠤᠶᠢᠯᠠᠯ ᠤᠨ ᠴᠢᠷᠭᠡᠦᠯ ᠲᠡᠷᠭᠡ᠂ | ᠴᠢᠩᠭᠡᠯᠢᠭ ᠲᠡᠷᠭᠡ ᠪᠣᠯᠤᠨ ᠪᠤᠰᠤᠳ ᠤᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠲᠡᠭᠡᠭᠡᠪᠦᠷᠢ ᠶᠢᠨ | ᠲᠥᠬᠦᠭᠡᠷᠦᠮᠵᠢ ᠬᠡᠷᠡᠭᠯᠡᠬᠦ ᠶᠢ ᠵᠣᠷᠢᠭᠵᠢᠭᠤᠯᠵᠤ᠂ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ | ᠨᠡᠮᠡᠭᠳᠡᠭᠦᠯᠬᠦ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠦᠬᠠᠶ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ︶ | ︵ᠳᠥᠷᠪᠡ︶ ᠲᠠᠯᠠᠪᠤᠷ ᠥᠷᠲᠡᠭᠡ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠᠨ | ᠴᠢᠩᠭᠠᠳᠬᠠᠨ᠎ᠠ | 9. ᠰᠢᠨ᠎ᠡ ᠡᠨᠧᠷᠭᠢ ᠶᠢᠨ ᠳᠣᠲᠣᠭᠠᠳᠤ ᠬᠠᠭᠤᠷᠠᠶ ᠶᠢᠨ ᠭᠠᠷᠠᠮ ᠤᠨ ᠪᠥᠲᠥᠭᠡᠨ ᠪᠠᠶᠢᠭᠤᠯᠤᠯᠲᠠ ᠶᠢ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠦᠨ᠎ᠡ᠃ ᠡᠯ᠎ᠡ ᠲᠣᠭᠤᠷᠢᠭ ᠤᠨ ᠵᠠᠰᠠᠭ ᠤᠨ ᠣᠷᠳᠣᠨ ᠨᠢ ᠠᠵᠤ ᠦᠢᠯᠡᠰ ᠤᠨ | ᠬᠦᠷᠢᠶᠡᠯᠡᠩ ᠲᠣᠭᠤᠷᠢᠭ᠂ ᠦᠢᠯᠡᠳᠪᠦᠷᠢ ᠠᠭᠤᠷᠬᠠᠶ ᠲᠥᠪᠯᠡᠷᠡᠭᠰᠡᠨ ᠣᠷᠣᠨ᠂ ᠨᠡᠭᠦᠷᠡᠰᠦ ᠲᠡᠭᠡᠭᠡᠪᠦᠷᠢᠯᠡᠬᠦ ᠵᠠᠮ | ᠳᠠᠭᠠᠤ ᠵᠡᠷᠭᠡ ᠬᠦᠢᠰᠦ ᠴᠢᠭ ᠲᠤ᠂ ᠰᠢᠨ᠎ᠡ ᠡᠨᠧᠷᠭᠢ ᠶᠢᠨ ᠳᠣᠲᠣᠭᠠᠳᠤ ᠬᠠᠭᠤᠷᠠᠶ ᠶᠢᠨ ᠭᠠᠷᠠᠮ ᠢ ᠰᠦᠪᠡᠭᠴᠢᠯᠡᠨ | ᠲᠥᠯᠥᠪᠵᠢᠭᠦᠯᠵᠦ᠂ ᠰᠢᠨ᠎ᠡ ᠡᠨᠧᠷᠭᠢ ᠶᠢᠨ ᠲᠡᠭᠡᠭᠡᠪᠦᠷᠢ ᠶᠢᠨ ᠲᠡᠷᠭᠡ ᠬᠥᠰᠬᠡ ᠳᠤ ᠴᠡᠨᠡᠭᠯᠡᠵᠦ ᠰᠣᠯᠢᠬᠤ᠂ | ᠤᠰᠤᠲᠥ᠋ᠷᠥᠭᠴᠢ ᠨᠡᠮᠡᠬᠦ᠂ ᠴᠢᠩᠭᠡᠯᠢᠭ ᠢᠶᠠᠷ ᠠᠴᠢᠶᠠᠯᠠᠵᠤ ᠪᠠᠭᠤᠯᠭᠠᠬᠤ ᠵᠡᠷᠭᠡ ᠦᠢᠯᠡᠴᠢᠯᠡᠭᠡ ᠬᠠᠩᠭᠠᠨ᠎ᠠ᠃ | ᠬᠠᠶᠢᠷᠤᠪ ᠤᠨ ᠲᠤᠬᠤᠢ ᠲᠣᠭᠤᠷᠢᠭ ᠤᠨ ᠬᠢᠨ ᠳ᠋ᠠᠢ ᠱᠠᠨ ᠤ ᠪᠠᠷᠠᠭᠠᠨ ᠤ ᠭᠦᠢᠯᠭᠡᠭᠡᠨ ᠤ ᠬᠦᠷᠢᠶᠡᠯᠡᠩ᠂ ᠵᠦᠩ ᠯᠢ | ᠾᠦᠢ ᠨᠦᠩ ᠪᠠᠷᠠᠭᠠᠨ ᠤ ᠭᠦᠢᠯᠭᠡᠭᠡᠨ ᠤ ᠬᠦᠷᠢᠶᠡᠯᠡᠩ ᠢ ᠠᠮᠢᠳᠤᠯᠢᠭ ᠢᠶᠠᠷ ᠰᠠᠶᠢᠲᠤᠷ ᠬᠡᠷᠡᠭᠯᠡᠵᠦ᠂ ︽ᠵᠠᠰᠠᠮᠠᠯ ᠵᠠᠮ | ᠠᠴᠠ ᠲᠡᠮᠦᠷ ᠵᠠᠮ ᠳᠤ ᠰᠢᠯᠵᠢᠭᠦᠯᠬᠦ︾ ︽ᠴᠢᠩᠭᠡᠯᠢᠭ ᠮᠠᠶ᠋ᠢᠭ︾ ᠤᠨ ᠲᠡᠭᠡᠭᠡᠪᠦᠷᠢ ᠶᠢ ᠠᠬᠢᠭᠤᠯᠤᠨ᠎ᠠ᠃ ᠤᠳᠠ | ᠲᠣᠭᠤᠷᠢᠭ ᠤᠨ ᠬᠢᠨ ᠬᠠᠢ ᠢ ᠲᠦᠩ ᠲᠦᠷᠦᠯ ᠵᠦᠢᠯ ᠢᠶᠠᠷ ᠭᠤᠣᠯᠳᠠᠯᠭ᠎ᠠ ᠪᠣᠯᠭᠠᠵᠤ᠂ ᠳᠠᠭᠠᠭᠠᠴᠠ ᠠᠴᠠ | ᠬᠡᠲᠦᠷᠡᠭᠰᠡᠨ ᠢ ᠪᠠᠷᠢᠮᠵᠢᠶ᠎ᠠ ᠳᠤ ᠬᠦᠷᠬᠦ᠂ ᠴᠠᠶᠢᠶ᠋ᠢᠦ ᠲᠤᠰᠤ ᠭᠡᠷᠡᠭᠯᠡᠬᠦ ᠠᠴᠠ ᠰᠢᠨ᠎ᠡ ᠡᠨᠧᠷᠭᠢ ᠬᠡᠷᠡᠭᠯᠡᠬᠦ ᠬᠦᠷᠲᠡᠯᠡᠬᠢ | ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠪᠡᠶᠡᠯᠡᠭᠦᠯᠤᠨ᠎ᠡ᠃ ᠬᠠᠶᠢᠨᠠᠨ ᠲᠣᠭᠤᠷᠢᠭ ᠤᠨ ᠬᠢᠨ ᠦᠬᠠᠢ | ᠬᠤᠳᠠ ᠶᠢᠨ ᠤᠯᠠᠨ ᠤᠯᠤᠰ ᠤᠨ ᠠᠷᠠᠯᠵᠢᠶᠠᠨ ᠤ ᠶᠡᠷᠦᠩᠬᠡᠶᠢᠯᠡᠭᠰᠡᠨ ᠬᠦᠷᠢᠶᠡᠯᠡᠩ ᠲᠣᠭᠤᠷᠢᠭ ᠪᠣᠯᠤᠨ ︽ᠰᠢᠨ᠎ᠡ | ᠡᠨᠧᠷᠭᠢ + ᠰᠤᠯᠠ ᠪᠠᠶᠢᠭᠰᠠᠨ ᠢ ᠴᠤᠭᠯᠠᠷᠠᠯ ᠪᠣᠯᠭᠠᠨ ᠥᠭᠡᠷᠡᠴᠢᠯᠡᠬᠦ︾ ᠲᠦᠷᠦᠯ ᠵᠦᠢᠯ ᠢ ᠲᠦᠷᠭᠡᠨ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠤ ᠴᠠᠭᠢᠯᠭᠠᠨ | ᠴᠡᠨᠡᠭᠯᠡᠵᠦ ᠰᠣᠯᠢᠬᠤ ᠴᠠᠬᠢᠯᠭᠠᠨ ᠦᠷᠳᠡᠭᠡ᠂ ᠤᠰᠤᠲᠥ᠋ᠷᠥᠭᠴᠢ ᠨᠡᠮᠡᠬᠦ ᠦᠷᠳᠡᠭᠡ ᠵᠡᠷᠭᠡ ᠰᠠᠭᠤᠷᠢ ᠲᠥᠬᠦᠭᠡᠷᠦᠮᠵᠢ ᠶᠢ | ᠢᠵᠢ ᠪᠦᠷᠢᠳᠦᠭᠦᠯᠦᠨ ᠪᠦᠳᠦᠭᠡᠨ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠡᠯ᠎ᠡ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ︶ | 10. ᠡᠨᠧᠷᠭᠢ ᠨᠥᠬᠦᠪᠥᠷᠢᠯᠡᠬᠦ ᠪᠡᠯᠡᠳᠬᠡᠮᠵᠢ ᠶᠢ ᠵᠦᠶ ᠵᠣᠬᠢᠰᠲᠠᠶ ᠪᠠᠶᠢᠷᠢᠯᠠᠭᠤᠯᠤᠨ᠎ᠠ᠃ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠦᠨᠳᠦᠰᠦᠯᠡᠨ᠂ ᠪᠥᠬᠦ ᠬᠤᠲᠠ ᠶᠢᠨ ᠡᠨᠧᠷᠭᠢ | ᠨᠥᠬᠦᠪᠥᠷᠢᠯᠡᠬᠦ ᠰᠠᠭᠤᠷᠢ ᠪᠡᠯᠡᠳᠬᠡᠮᠵᠢ ᠶᠢᠨ ᠪᠠᠶᠢᠷᠢᠰᠢᠭᠤᠯᠤᠯᠲᠠ ᠶᠢᠨ ᠪᠥᠲᠥᠭᠡᠨ ᠪᠠᠶᠢᠭᠤᠯᠤᠯᠲᠠ ᠶᠢᠨ | ᠲᠥᠯᠥᠪᠵᠢᠭᠦᠯᠭᠡ ᠶᠢ ᠠᠯᠢ ᠲᠦᠷᠭᠡᠨ ᠢᠶᠠᠷ ᠨᠠᠶᠢᠷᠠᠭᠤᠯᠤᠨ ᠵᠣᠬᠢᠶᠠᠵᠤ ᠳᠠᠭᠤᠰᠬᠠᠨ᠂ ᠮᠥᠩᠭᠦᠨ ᠬᠦᠢᠯᠭᠡᠭᠡᠨ ᠤ | ᠪᠠᠶᠢᠭᠤᠯᠤᠮᠵᠢ ᠪᠠ ᠨᠡᠶᠢᠭᠡᠮ ᠤᠨ ᠬᠥᠷᠥᠩᠭᠡ ᠶᠢᠨ ᠤᠰᠤᠲᠥ᠋ᠷᠥᠭᠴᠢ ᠡᠨᠧᠷᠭᠢ ᠶᠢᠨ ᠰᠠᠭᠤᠷᠢ ᠪᠡᠯᠡᠳᠬᠡᠮᠵᠢ ᠶᠢᠨ | ᠪᠥᠲᠥᠭᠡᠨ ᠪᠠᠶᠢᠭᠤᠯᠤᠯᠲᠠ ᠳᠤ ᠣᠷᠣᠯᠴᠠᠬᠤ ᠶᠢ ᠢᠳᠡᠪᠬᠢᠲᠡᠶ ᠪᠠᠷ ᠵᠢᠯᠤᠭᠤᠲᠤᠨ᠎ᠠ᠃ ᠳᠥᠭᠦᠮ ᠳᠥᠲᠡ ᠥᠨᠳᠥᠷ | ᠦᠷ᠎ᠡ ᠠᠰᠢᠭ ᠲᠠᠢ᠂ ᠵᠣᠬᠢᠬᠤ ᠬᠡᠮᠵᠢᠶ᠎ᠡ ᠪᠠᠷ ᠤᠷᠢᠳᠴᠢᠯᠠᠭᠰᠠᠨ ᠴᠠᠬᠢᠯᠭᠠᠨ ᠴᠡᠨᠡᠭᠯᠡᠵᠦ ᠰᠣᠯᠢᠬᠤ ᠲᠣᠤᠷ | ᠰᠦᠯᠵᠢᠶ᠎ᠡ ᠶᠢᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ᠂ | ᠰᠢᠨ᠎ᠡ ᠡᠨᠧᠷᠭᠢ ᠶᠢᠨ ᠳᠣᠲᠣᠭᠠᠳᠤ ᠬᠠᠭᠤᠷᠠᠶ ᠶᠢᠨ ᠭᠠᠷᠠᠮ᠂ ᠲᠡᠭᠡᠭᠡᠪᠦᠷᠢ ᠶᠢᠨ ᠬᠦᠢᠰᠦ᠂ ᠪᠠᠷᠠᠭᠠᠨ ᠤ ᠬᠦᠢᠯᠭᠡᠭᠡᠨ ᠤ | ᠬᠦᠷᠢᠶᠡᠯᠡᠩ ᠲᠣᠭᠤᠷᠢᠭ ᠵᠡᠷᠭᠡ ᠳᠤ ᠴᠠᠬᠢᠯᠭᠠᠨ ᠴᠡᠨᠡᠭᠯᠡᠬᠦ ᠱᠣᠩ ᠵᠡᠷᠭᠡ ᠰᠠᠭᠤᠷᠢ ᠪᠡᠯᠡᠳᠬᠡᠮᠵᠢ ᠶᠢ ᠲᠦᠷᠭᠡᠳᠬᠡᠨ | ᠪᠠᠶᠢᠷᠢᠰᠢᠭᠤᠯᠵᠤ᠂ ᠲᠤᠬᠠᠶ ᠶᠢᠨ ᠭᠠᠵᠠᠷ ᠲᠤᠨᠢ ᠬᠡᠷᠡᠯ ᠸᠣᠯᠲ ᠵᠡᠷᠭᠡ ᠴᠡᠪᠡᠷ ᠡᠨᠧᠷᠭᠢ ᠶᠢ ᠪᠥᠲᠥᠭᠡᠨ ᠪᠠᠶᠢᠭᠤᠯᠵᠤ | ᠴᠠᠬᠢᠯᠭᠠᠨ ᠴᠡᠨᠡᠭᠯᠡᠬᠦ ᠱᠣᠩ ᠳᠤ ᠬᠥᠳᠡᠯᠭᠡᠬᠦ ᠬᠦᠴᠦᠨ ᠬᠠᠩᠭᠠᠬᠤ ᠶᠢ ᠵᠣᠷᠢᠭᠵᠢᠭᠤᠯᠤᠨ᠎ᠠ᠃ ︵ᠬᠠᠷᠢᠭᠤᠴᠠᠯᠭᠠᠲᠤ | ᠨᠢᠭᠡᠴᠡ᠄ ᠬᠤᠲᠠ ᠶᠢᠨ ᠡᠨᠧᠷᠭᠢ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠥᠪᠥᠷ | ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠬᠠᠶ ᠶᠢᠨ | ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ︶ | 11. ᠵᠠᠮ ᠬᠠᠷᠢᠯᠴᠠᠭᠠᠨ ᠤ ᠬᠦᠢᠰᠣ ᠶᠢᠨ ᠲᠠᠯᠠᠪᠤᠷ ᠥᠷᠲᠡᠭᠡ ᠶᠢᠨ ᠮᠠᠰᠢᠨ ᠮᠧᠬᠠᠨᠢᠭ ᠪᠠ ᠠᠵᠢᠯᠯᠠᠵᠤ | ᠪᠠᠶᠢᠭ᠎ᠠ ᠲᠡᠷᠭᠡ ᠬᠥᠰᠬᠡ ᠶᠢ ᠰᠢᠨ᠎ᠡ ᠡᠨᠧᠷᠭᠢᠵᠢᠭᠦᠯᠬᠦ ᠶᠢ ᠠᠬᠢᠭᠤᠯᠤᠨ᠎ᠠ᠃ ᠨᠥᠬᠦᠴᠡᠯ ᠪᠦᠷᠢᠳᠦᠭᠦᠯᠦᠭᠰᠡᠨ ᠲᠡᠮᠦᠷ | ᠵᠠᠮ ᠤᠨ ᠪᠠᠷᠠᠭᠠᠨ ᠤ ᠲᠠᠯᠠᠪᠠᠶ᠂ ᠪᠠᠷᠠᠭᠠᠨ ᠤ ᠬᠦᠢᠯᠭᠡᠭᠡᠨ ᠤ ᠬᠦᠷᠢᠶᠡᠯᠡᠩ ᠲᠣᠭᠤᠷᠢᠭ ᠵᠡᠷᠭᠡ ᠳᠣᠲᠣᠭᠠᠳᠤ ᠶᠢᠨ ᠲᠡᠷᠭᠡ | ᠬᠥᠰᠬᠡ ᠶᠢᠨ ᠲᠣᠨᠤᠭ ᠲᠥᠬᠦᠭᠡᠷᠦᠮᠵᠢ ᠪᠠ ᠲᠠᠯᠠᠪᠤᠷ ᠲᠤ ᠠᠵᠢᠯᠯᠠᠬᠤ ᠮᠠᠰᠢᠨ ᠮᠧᠬᠠᠨᠢᠭ ᠢ ᠰᠢᠨ᠎ᠡ ᠡᠨᠧᠷᠭᠢ ᠶᠢᠨ | ᠬᠥᠳᠡᠯᠭᠡᠬᠦ ᠬᠦᠴᠦᠨ ᠪᠠᠷ ᠰᠢᠨᠡᠳᠬᠡᠨ ᠣᠷᠣᠯᠠᠭᠤᠯᠬᠤ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ | ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ | ᠦᠬᠠᠶ ᠶᠢᠨ ᠪᠠᠷᠠᠭᠠᠨ ᠤ ᠲᠡᠭᠡᠭᠡᠪᠦᠷᠢ ᠶᠢᠨ ᠲᠥᠪ︶ | 12. ᠲᠠᠯᠠᠪᠤᠷ ᠥᠷᠲᠡᠭᠡ ᠶᠢᠨ ᠢᠵᠢ ᠪᠥᠷᠢᠳᠦᠭᠦᠯᠬᠦ ᠪᠡᠯᠡᠳᠬᠡᠮᠵᠢ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ | ᠲᠠᠯᠠᠪᠤᠷ ᠥᠷᠲᠡᠭᠡᠨ ᠤ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠪᠣᠯᠤᠨ ᠬᠠᠷᠢᠯᠴᠠᠨ ᠬᠤᠯᠪᠣᠭᠠᠯᠠᠵᠤ | ᠬᠠᠮᠲᠤᠪᠠᠷ ᠨᠡᠪᠲᠡᠷᠡᠯᠴᠡᠬᠦ ᠶᠢ ᠲᠦᠷᠭᠡᠳᠬᠡᠨ ᠠᠬᠢᠭᠤᠯᠵᠤ᠂ ᠲᠤᠬᠠᠶᠢᠯᠠᠭᠰᠠᠨ ᠠᠵᠢᠯ ᠤᠨ ᠬᠠᠭᠤᠳᠠᠰᠤ ᠪᠠᠷᠢᠮᠲᠠ ᠶᠢᠨ | ᠡᠯᠧᠺᠲᠷᠤᠨᠴᠢᠯᠠᠬᠤ ᠶᠢ ᠠᠬᠢᠭᠤᠯᠵᠤ᠂ ᠲᠡᠮᠦᠷ ᠵᠠᠮ ᠪᠠ ᠭᠤᠷᠪᠠᠳᠠᠬᠢ ᠡᠲᠡᠭᠡᠳ ᠤᠨ ᠪᠠᠷᠠᠭᠠᠨ ᠤ ᠬᠦᠢᠯᠭᠡᠭᠡᠨ ᠵᠡᠷᠭᠡ | ᠬᠥᠲᠥᠴᠢ ᠠᠵᠤ ᠠᠬᠤᠶᠢᠯᠠᠯ ᠤᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠠᠬᠢᠭᠤᠯᠵᠤ᠂ ᠪᠠᠷᠠᠭᠠᠨ ᠤ ᠵᠠᠮ ᠤᠨ | ᠳᠤᠮᠳᠠᠬᠢ ᠪᠠᠶᠢᠳᠠᠯ ᠢ ᠪᠠᠶᠢᠴᠠᠭᠠᠨ ᠯᠠᠪᠯᠠᠬᠤ᠂ ᠲᠡᠭᠡᠭᠡᠪᠦᠷᠢ ᠶᠢᠨ ᠦᠨ᠎ᠡ ᠬᠠᠩᠰᠢ ᠶᠢ ᠪᠠᠶᠢᠴᠠᠭᠠᠨ ᠯᠠᠪᠯᠠᠬᠤ᠂ ᠲᠡᠷᠭᠡ | ᠪᠠ ᠪᠠᠷᠠᠭᠠᠨ ᠤ ᠬᠥᠳᠡᠯᠦᠩᠭᠦᠶ ᠪᠠᠶᠢᠳᠠᠯ ᠢ ᠵᠣᠬᠢᠴᠠᠭᠤᠯᠬᠤ᠂ ᠴᠢᠩᠭᠡᠯᠢᠭ ᠢ ᠪᠠᠶᠢᠷᠢ ᠲᠣᠭᠲᠠᠭᠠᠨ ᠮᠥᠷᠳᠡᠬᠦ ᠵᠡᠷᠭᠡ | ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠦᠢᠯᠡᠴᠢᠯᠡᠭᠡ ᠪᠠᠨ ᠴᠢᠩᠭᠠᠷᠠᠭᠤᠯᠤᠨ᠂ ᠪᠠᠷᠠᠭ᠎ᠠ ᠵᠠᠬᠢᠶᠠᠯᠠᠬᠤ᠂ ᠠᠰᠠᠭᠤᠨ | ᠯᠠᠪᠯᠠᠬᠤ᠂ ᠬᠥᠮᠥᠷᠭᠡᠯᠡᠨ ᠬᠠᠳᠠᠭᠠᠯᠠᠬᠤ᠂ ᠠᠴᠢᠶᠠᠯᠠᠵᠤ ᠪᠠᠭᠤᠯᠭᠠᠬᠤ ᠵᠡᠷᠭᠡ ᠦᠢᠯᠡᠴᠢᠯᠡᠭᠡ ᠶᠢ ᠰᠦᠯᠵᠢᠶᠡᠨ ᠳᠡᠭᠡᠷ᠎ᠡ | ᠬᠦᠢᠴᠡᠳᠬᠡᠬᠦ ᠶᠢ ᠪᠡᠶᠡᠯᠡᠭᠦᠯᠵᠦ᠂ ᠲᠠᠯᠠᠪᠤᠷ ᠥᠷᠲᠡᠭᠡ ᠶᠢᠨ ᠦᠢᠯᠡᠴᠢᠯᠡᠭᠡᠨ ᠤ ᠤᠶᠤᠨᠴᠢᠯᠠᠬᠤ᠂ ᠢᠯᠡ ᠲᠣᠳᠣ ᠪᠣᠯᠬᠤ | ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠡ᠃ ᠲᠤᠰᠬᠠᠶ ᠮᠡᠷᠭᠡᠵᠢᠯ ᠤᠨ ᠲᠥᠬᠦᠭᠡᠷᠦᠮᠵᠢ ᠰᠡᠯᠪᠢᠨ ᠵᠠᠰᠠᠬᠤ ᠠᠵᠤ | ᠠᠬᠤᠶᠢᠯᠠᠯ ᠢ ᠣᠷᠣᠭᠤᠯᠤᠨ ᠠᠪᠴᠢᠷᠠᠵᠤ᠂ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠵᠢᠴᠢ ᠡᠯ᠎ᠡ ᠲᠥᠷᠥᠯ ᠤᠨ | ᠰᠠᠭᠤᠷᠢ ᠪᠡᠯᠡᠳᠬᠡᠮᠵᠢ ᠶᠢ ᠰᠡᠯᠪᠢᠨ ᠵᠠᠰᠠᠬᠤ᠂ ᠰᠡᠯᠪᠢᠭ ᠲᠣᠨᠤᠭ ᠢ ᠰᠣᠯᠢᠬᠤ ᠵᠡᠷᠭᠡ ᠬᠡᠷᠡᠭᠴᠡᠭᠡ ᠱᠠᠭᠠᠷᠳᠠᠯᠭ᠎ᠠ ᠶᠢ | ᠬᠠᠩᠭᠠᠨ᠎ᠠ᠃ ᠬᠤᠨᠣᠭᠯᠠᠬᠤ᠂ ᠬᠤᠭᠤᠯᠠ ᠤᠮᠳᠠ ᠵᠡᠷᠭᠡ ᠠᠮᠢᠳᠤᠷᠠᠯ ᠤᠨ ᠪᠡᠯᠡᠳᠬᠡᠮᠵᠢ ᠶᠢ ᠪᠥᠲᠥᠭᠡᠨ ᠪᠠᠶᠢᠭᠤᠯᠵᠤ᠂ | ᠲᠠᠯᠠᠪᠤᠷ ᠥᠷᠲᠡᠭᠡ ᠶᠢᠨ ᠠᠮᠢᠳᠤᠷᠠᠯ ᠤᠨ ᠦᠢᠯᠡᠴᠢᠯᠡᠭᠡᠨ ᠤ ᠴᠢᠳᠠᠪᠤᠷᠢ ᠪᠠᠨ ᠴᠢᠩᠭᠠᠳᠬᠠᠨ᠎ᠠ᠃ ︵ᠬᠠᠷᠢᠭᠤᠴᠠᠬᠤ | ᠨᠢᠭᠡᠴᠡ᠄ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ︶ | | ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠤᠲᠠ ᠶᠢᠨ ᠵᠠᠰᠠᠭ ᠤᠨ | ᠣᠷᠳᠣᠨ ᠠᠴᠠ ᠬᠤᠲᠠ ᠶᠢᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ᠂ ᠬᠤᠪᠢᠳᠠᠨ ᠬᠠᠮᠢᠶᠠᠷᠴᠤ ᠪᠠᠶᠢᠭ᠎ᠠ ᠳᠡᠳ᠋ | ᠬᠤᠲᠠ ᠶᠢᠨ ᠳᠠᠷᠤᠭ᠎ᠠ ᠪᠠᠷ ᠳᠡᠳ᠋ ᠳᠤᠭᠤᠶᠢᠯᠠᠩ ᠤᠨ ᠳᠠᠷᠤᠭ᠎ᠠ ᠪᠤᠯᠭᠠᠭᠰᠠᠨ᠂ ᠡᠯ᠎ᠡ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠲᠠ ᠶᠢᠨ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠲᠠ ᠶᠢᠨ ᠡᠨᠧᠷᠭᠢ ᠶᠢᠨ ᠲᠣᠪᠴᠢᠶ᠎ᠠ ᠵᠡᠷᠭᠡ | ᠬᠤᠯᠪᠤᠭᠳᠠᠯ ᠪᠥᠬᠦᠶ ᠨᠢᠭᠡᠴᠡ ᠶᠢᠨ ᠭᠤᠤᠯ ᠬᠠᠷᠢᠭᠤᠴᠠᠯᠭᠠᠲᠠᠨ ᠢᠶᠠᠷ ᠪᠦᠷᠢᠯᠳᠦᠬᠦᠨ ᠪᠣᠯᠭᠠᠭᠰᠠᠨ ᠤᠳᠤᠷᠢᠳᠬᠤ | ᠳᠤᠭᠤᠶᠢᠯᠠᠩ ᠢ ᠪᠠᠶᠢᠭᠤᠯᠵᠤ᠂ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠬᠤᠲᠠ ᠶᠢᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ ᠳᠤ ᠳᠣᠭᠢᠷᠠᠭᠤᠯᠤᠨ᠂ ᠠᠵᠢᠯ ᠢᠶᠠᠨ ᠨᠠᠶᠢᠳᠠᠪᠤᠷᠢᠵᠢᠭᠤᠯᠬᠤ᠂ ᠵᠣᠬᠢᠴᠠᠭᠤᠯᠬᠤ᠂ | ᠳᠣᠭᠢᠷᠠᠭᠤᠯᠬᠤ ᠵᠡᠷᠭᠡ ᠡᠳᠦᠷ ᠲᠤᠲᠤᠮ ᠤᠨ ᠠᠵᠢᠯ ᠢᠶᠠᠨ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠬᠤ ᠶᠢ | ᠬᠠᠷᠢᠭᠤᠴᠠᠵᠤ᠂ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ | ᠮᠥᠷᠳᠡᠨ ᠦᠨᠡᠯᠡᠨ ᠵᠢᠱᠢᠬᠦ ᠪᠠ ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠨ᠎ᠠ᠃ ᠡᠯ᠎ᠡ ᠲᠣᠭᠤᠷᠢᠭ᠂ ᠡᠯ᠎ᠡ | ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ | ᠪᠠᠨ ᠴᠢᠩᠭᠠᠷᠠᠭᠤᠯᠤᠨ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠨᠠᠶᠢᠳᠠᠪᠤᠷᠢᠵᠢᠭᠤᠯᠬᠤ | ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠬᠠᠮᠵᠢᠯᠴᠠᠨ ᠵᠤᠬᠢᠴᠠᠭᠤᠯᠬᠤ ᠪᠠᠨ ᠴᠢᠩᠭᠠᠳᠬᠠᠨ | ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ᠂ ᠠᠷᠭ᠎ᠠ | ᠬᠡᠮᠵᠢᠶ᠎ᠡ ᠶᠢ ᠪᠣᠳᠠᠲᠠᠶᠢᠵᠢᠭᠤᠯᠬᠤ᠂ ᠦᠷ᠎ᠡ ᠪᠦᠲᠦᠮᠵᠢ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠡᠯ᠎ᠡ | ᠵᠦᠢᠯ ᠤᠨ ᠠᠵᠢᠯ ᠢᠶᠠᠨ ᠪᠥᠬᠦ ᠲᠠᠯ᠎ᠠ ᠪᠠᠷ ᠡᠮᠬᠢ ᠵᠢᠷᠤᠮ ᠲᠠᠢ ᠥᠷᠨᠢᠭᠦᠯᠬᠦ ᠶᠢ ᠯᠠᠪᠳᠠᠭᠤᠨ ᠪᠠᠲᠤᠲᠠᠶ ᠠᠭᠢᠭᠤᠯᠤᠨ᠎ᠠ᠃ | | ︵ᠬᠤᠶᠠᠷ︶ ᠬᠦᠴᠦᠨ ᠵᠦᠢᠯ ᠤᠨ ᠪᠠᠲᠤᠯᠠᠭ᠎ᠠ ᠪᠠᠨ ᠴᠢᠩᠭᠠᠳᠬᠠᠨ᠎ᠠ᠃ ᠭᠠᠵᠠᠷ ᠰᠢᠷᠣᠶ᠂ ᠪᠠᠯᠠ ᠮᠥᠩᠭᠦ᠂ | ᠮᠡᠷᠭᠡᠵᠢᠯ ᠵᠡᠷᠭᠡ ᠬᠦᠴᠦᠨ ᠵᠦᠢᠯ ᠢ ᠵᠦᠶ ᠵᠣᠬᠢᠰᠲᠠᠶ ᠳᠣᠭᠢᠷᠠᠭᠤᠯᠵᠤ᠂ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ | ᠶᠢᠨ ᠠᠷᠭ᠎ᠠ ᠮᠠᠶ᠋ᠢᠭ ᠤᠨ ᠪᠣᠬᠢᠷᠲᠤᠯ ᠥᠬᠡᠶ ᠬᠥᠭᠵᠢᠯᠲᠡ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠠᠬᠢᠭᠤᠯᠵᠤ᠂ | ᠡᠳ᠋ ᠤᠨ ᠵᠠᠰᠠᠭ ᠤᠨ ᠪᠠᠯᠠ ᠮᠥᠩᠭᠦ ᠶᠢᠨ ᠬᠥᠲᠥᠯᠦᠨ ᠵᠢᠯᠣᠭᠤᠳᠬᠤ ᠪᠠ ᠬᠥᠰᠢᠭᠦᠷᠭᠡ ᠶᠢᠨ ᠦᠢᠯᠡᠳᠦᠯ ᠢᠶᠠᠨ | ᠪᠠᠳᠠᠷᠠᠭᠤᠯᠤᠨ᠂ ᠤᠯᠤᠰ᠂ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠬᠥᠭᠵᠢᠯᠲᠡ ᠶᠢᠨ ᠰᠠᠭᠤᠷᠢ ᠮᠥᠩᠭᠦ | ᠪᠠ ᠲᠤᠤᠷ᠎ᠠ ᠨᠡᠭᠦᠷᠡᠰᠦᠲᠥ᠋ᠷᠥᠭᠴᠢᠲᠤ ᠪᠠᠷ ᠬᠡᠯᠪᠡᠷᠢ ᠪᠠᠨ ᠬᠤᠪᠢᠷᠠᠭᠤᠯᠬᠤ ᠰᠠᠭᠤᠷᠢ ᠮᠥᠩᠭᠦ ᠵᠡᠷᠭᠡ ᠪᠠᠯᠠ | ᠮᠥᠩᠭᠦ ᠶᠢᠨ ᠳᠡᠮᠵᠢᠯᠭᠡ ᠶᠢ ᠤᠯᠬᠤ ᠪᠠᠷ ᠢᠳᠡᠪᠬᠢᠲᠡᠶ ᠴᠢᠷᠮᠠᠶᠢᠨ᠎ᠠ᠃ ᠵᠠᠬ᠎ᠠ ᠳᠡᠯᠭᠡᠭᠦᠷ ᠤᠨ ᠲᠣᠭᠲᠠᠴᠠ ᠶᠢᠨ | ᠦᠢᠯᠡᠳᠦᠯ ᠢᠶᠠᠨ ᠬᠦᠢᠴᠡᠳ ᠪᠠᠳᠠᠷᠠᠭᠤᠯᠵᠤ᠂ ᠭᠡᠷᠡᠲᠦ ᠡᠨᠧᠷᠭᠢ ᠶᠢᠨ ᠬᠠᠮᠢᠶᠠᠷᠤᠯᠲᠠ᠂ ᠣᠷᠴᠢᠨ ᠲᠣᠭᠤᠷᠢᠨ ᠤ | ᠪᠣᠬᠢᠷᠲᠤᠯ ᠢ ᠭᠤᠷᠪᠠᠳᠠᠬᠢ ᠡᠲᠡᠭᠡᠳ ᠠᠴᠠ ᠵᠠᠰᠠᠬᠤ ᠵᠡᠷᠭᠡ ᠬᠠᠮᠢᠶᠠᠷᠤᠯᠲᠠ ᠶᠢᠨ ᠵᠠᠭᠪᠤᠷ ᠢ ᠢᠳᠡᠪᠬᠢᠲᠡᠶ ᠪᠠᠷ | ᠬᠡᠷᠡᠭᠵᠢᠭᠦᠯᠦᠨ᠎ᠡ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ ᠤᠨ ᠡᠨᠧᠷᠭᠢ ᠠᠷᠪᠢᠯᠠᠵᠤ ᠣᠷᠴᠢᠨ | ᠲᠣᠭᠤᠷᠢᠨ ᠢ ᠬᠠᠮᠠᠭᠠᠯᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠵᠤ᠂ ᠠᠵᠤ ᠠᠬᠤᠶᠢᠯᠠᠯ ᠤᠨ | ᠪᠣᠬᠢᠷᠲᠤᠯ ᠥᠬᠡᠶ ᠬᠥᠭᠵᠢᠯᠲᠡ ᠶᠢᠨ ᠪᠠᠯᠠ ᠮᠥᠩᠭᠦ ᠪᠠ ᠮᠡᠷᠭᠡᠵᠢᠯ ᠤᠨ ᠣᠷᠣᠭᠤᠯᠤᠯᠲᠠ ᠪᠠᠨ | ᠰᠠᠨᠠᠭᠠᠴᠢᠯᠠᠭ᠎ᠠ ᠠᠴᠠ ᠪᠠᠨ ᠨᠡᠮᠡᠭᠳᠡᠬᠦᠯᠬᠦ ᠶᠢ ᠵᠤᠷᠢᠭᠵᠢᠭᠤᠯᠤᠨ᠎ᠠ᠃ | ︵ᠭᠤᠷᠪᠠ︶ ᠤᠬᠠᠭᠤᠯᠭ᠎ᠠ ᠪᠣᠯᠪᠠᠰᠤᠷᠠᠯ ᠢᠶᠠᠨ ᠴᠢᠩᠭᠠᠳᠬᠠᠨ᠎ᠠ᠃ ᠪᠣᠯᠪᠠᠰᠤᠷᠠᠯ ᠤᠨ ᠡᠷᠴᠢᠮ ᠢᠶᠠᠨ | ᠴᠢᠩᠭᠠᠷᠠᠭᠤᠯᠵᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠪᠣᠬᠢᠷᠲᠤᠯ | ᠥᠬᠡᠶ ᠬᠥᠭᠵᠢᠯᠲᠡ ᠶᠢ ᠠᠬᠢᠭᠤᠯᠬᠤ ᠴᠢᠳᠠᠪᠤᠷᠢ ᠪᠠ ᠬᠢᠷᠢ ᠬᠡᠮᠵᠢᠶ᠎ᠡ ᠶᠢ ᠨᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | ᠤᠬᠠᠭᠤᠯᠤᠨ ᠮᠡᠳᠡᠭᠡᠯᠡᠬᠦ ᠪᠠ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠬᠦ ᠡᠷᠴᠢᠮ ᠢᠶᠠᠨ | ᠴᠢᠩᠭᠠᠷᠠᠭᠤᠯᠵᠤ᠂ ︽12345︾ ᠶᠢᠨ ᠬᠠᠯᠠᠮᠰᠢᠯ ᠤᠲᠠᠰᠤ ᠵᠡᠷᠭᠡ ᠦᠢᠯᠡᠴᠢᠯᠡᠭᠡᠨ ᠤ ᠬᠢᠨᠠᠯᠲᠠ ᠲᠠᠯᠪᠢᠬᠤ ᠠᠷᠭ᠎ᠠ | ᠵᠠᠮ ᠢ ᠰᠠᠭᠠᠳ ᠥᠬᠡᠶ ᠨᠡᠪᠲᠡᠷᠡᠭᠦᠯᠵᠦ᠂ ᠬᠠᠤᠯᠢ ᠠᠴᠠ ᠵᠥᠷᠢᠴᠡᠭᠰᠡᠨ ᠰᠦᠪᠡᠭᠴᠢ ᠶᠢ ᠢᠯᠡᠴᠢᠯᠡᠨ ᠮᠡᠳᠡᠭᠦᠯᠬᠦ ᠶᠢ | ᠵᠣᠷᠢᠭᠵᠢᠭᠤᠯᠤᠨ᠂ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ ᠵᠠᠬ᠎ᠠ ᠳᠡᠯᠭᠡᠭᠦᠷ ᠤᠨ | ᠭᠤᠤᠯ ᠴᠣᠭᠴᠠ ᠶᠢ ᠬᠥᠲᠥᠯᠦᠨ ᠵᠢᠯᠣᠭᠤᠳᠴᠤ ᠪᠠᠶᠢᠭᠠᠳ ᠳᠡᠮᠵᠢᠬᠦ ᠲᠥᠷᠥ ᠶᠢᠨ ᠪᠣᠳᠣᠯᠭ᠎ᠠ ᠶᠢ ᠰᠠᠶᠢᠲᠤᠷ | ᠬᠡᠷᠡᠭᠯᠡᠭᠦᠯᠵᠦ᠂ ᠭᠤᠤᠯᠳᠠᠯᠭ᠎ᠠ ᠲᠠᠢ ᠠᠵᠤ ᠦᠢᠯᠡᠰ᠂ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ | ᠴᠠᠭ ᠤᠨ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢᠨ ᠠᠷᠭ᠎ᠠ ᠮᠠᠶ᠋ᠢᠭ ᠤᠨ ᠪᠣᠬᠢᠷᠲᠤᠯ ᠥᠬᠡᠶ ᠬᠥᠭᠵᠢᠯᠲᠡ ᠶᠢᠨ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠵᠢᠯᠤᠭᠤᠲᠤᠯᠭ᠎ᠠ ᠪᠠᠨ ᠰᠠᠶᠢᠲᠤᠷ ᠬᠢᠨ᠎ᠡ᠃ | | ᠳᠠᠭᠠᠯᠳᠤᠭᠤᠯᠤᠯ᠄ ᠦᠬᠠᠶ ᠬᠤᠲᠠ ᠶᠢᠨ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢᠨ ᠠᠷᠭ᠎ᠠ ᠮᠠᠶ᠋ᠢᠭ ᠢ | ᠰᠢᠯᠢᠳᠡᠭᠵᠢᠭᠦᠯᠵᠦ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠬᠤ ᠤᠳᠤᠷᠢᠳᠬᠤ ᠳᠤᠭᠤᠶᠢᠯᠠᠩ | | | ᠳᠠᠭᠠᠯᠳᠤᠭᠤᠯᠤᠯ | | ᠦᠬᠠᠶ ᠬᠤᠲᠠ ᠶᠢᠨ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢᠨ ᠠᠷᠭ᠎ᠠ ᠮᠠᠶ᠋ᠢᠭ ᠢ ᠰᠢᠯᠢᠳᠡᠭᠵᠢᠭᠦᠯᠵᠦ | ᠪᠣᠬᠢᠷᠲᠤᠯ ᠥᠬᠡᠶ ᠬᠥᠭᠵᠢᠯᠲᠡ ᠶᠢ ᠠᠬᠢᠭᠤᠯᠬᠤ ᠤᠳᠤᠷᠢᠳᠬᠤ ᠳᠤᠭᠤᠶᠢᠯᠠᠩ | | ᠮᠠᠨ ᠤ ᠬᠤᠲᠠ ᠶᠢᠨ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢᠨ ᠪᠦᠲᠦᠴᠡ ᠶᠢ ᠰᠢᠯᠢᠳᠡᠭᠵᠢᠭᠦᠯᠦᠨ | ᠳᠣᠭᠢᠷᠠᠭᠤᠯᠵᠤ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠪᠠᠨ ᠦᠨᠡᠨᠬᠦ ᠴᠢᠩᠭᠠᠳᠬᠠᠵᠤ᠂ ︽ᠰᠤᠯᠠ | ᠪᠠᠶᠢᠭᠰᠠᠨ ᠢ ᠴᠤᠭᠯᠠᠷᠠᠯ ᠪᠣᠯᠭᠠᠨ ᠥᠭᠡᠷᠡᠴᠢᠯᠡᠬᠦ︾ ᠲᠡᠭᠡᠭᠡᠪᠦᠷᠢ ᠶᠢᠨ ᠵᠠᠭᠪᠤᠷ ᠬᠢᠭᠡᠳ ᠰᠢᠨ᠎ᠡ ᠡᠨᠧᠷᠭᠢ ᠶᠢᠨ ᠬᠦᠨᠳᠦ | ᠠᠴᠢᠶᠠᠨ ᠤ ᠮᠠᠰᠢᠨ ᠢ ᠳᠡᠯᠭᠡᠷᠡᠭᠦᠯᠦᠨ ᠬᠡᠷᠡᠭᠯᠡᠬᠦ ᠠᠵᠢᠯ ᠢ ᠯᠠᠪᠳᠠᠭᠤᠨ ᠢᠶᠠᠷ ᠠᠬᠢᠭᠤᠯᠬᠤ ᠶᠢ ᠦᠨᠡᠨᠬᠦ ᠪᠠᠲᠤᠯᠠᠬᠤ ᠶᠢᠨ | ᠲᠤᠰᠠᠳᠠ᠂ ᠡᠳᠦᠭᠡ ᠤᠳᠤᠷᠢᠳᠬᠤ ᠳᠤᠭᠤᠶᠢᠯᠠᠩ ᠪᠠᠶᠢᠭᠤᠯᠪᠠ᠂ ᠪᠦᠷᠢᠯᠳᠦᠬᠦᠨ ᠤ ᠨᠡᠷᠡᠰ ᠨᠢ ᠳᠣᠤᠷᠠᠬᠢ ᠮᠡᠲᠦ᠄ | ᠳᠤᠭᠤᠶᠢᠯᠠᠩ ᠤᠨ ᠳᠠᠷᠤᠭ᠎ᠠ᠄ ᠶᠠᠩ ᠶᠢᠨ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ | ᠬᠤᠳᠠ ᠶᠢᠨ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠴᠢᠶᠣᠤ ᠢᠦᠶ ᠬᠤᠲᠠ ᠶᠢᠨ ᠵᠠᠰᠠᠭ ᠤᠨ ᠣᠷᠳᠣᠨ ᠤ ᠳᠡᠳ᠋ | ᠳᠠᠷᠤᠭ᠎ᠠ | ᠪᠦᠷᠢᠯᠳᠦᠬᠦᠨ᠄ ᠱᠢ ᠯᠢ ᠵᠢᠶᠦ᠋ᠨ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ | ᠼᠦᠢ ᠬᠤᠩ ᠪᠥᠸᠧ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠲᠣᠭᠤᠷᠢᠭ ᠤᠨ ᠳᠠᠷᠤᠭ᠎ᠠ | ᠯᠢᠦ ᠬᠤ᠋ ᠤᠳᠠ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ | ᠯᠢᠦ ᠪᠢᠩ ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ | ᠶᠠᠩ ᠾᠦᠢ ᠵᠢᠶᠦ᠋ᠨ ᠬᠤᠲᠠ ᠶᠢᠨ ᠵᠠᠰᠠᠭ ᠤᠨ ᠣᠷᠳᠣᠨ ᠤ ᠲᠡᠳ᠋ ᠨᠠᠷᠢᠨ ᠪᠢᠴᠢᠭ ᠤᠨ ᠲᠠᠷᠤᠭ᠎ᠠ | ᠭᠤᠤ ᠪᠦᠸᠧ ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠶᠠᠩ ᠴᠢᠩ ᠶᠤᠸᠠᠨ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ | ᠳᠠᠷᠤᠭ᠎ᠠ | ᠸᠠᠩ ᠼᠠᠨ ᠹᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ | ᠵᠤᠤ ᠺᠦᠩ ᠵᠠᠩ ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ | ᠶᠠᠩ ᠰᠢᠤᠸᠠᠢ ᠹᠧᠩ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ | ᠱᠣᠣ ᠸᠧᠶ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶᠠᠨ ᠤ ᠳᠠᠷᠤᠭ᠎ᠠ | ᠯᠢᠦ ᠴᠠᠩ ᠾᠦᠢ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ | ᠱᠢ ᠳ᠋ᠡ ᠶᠦᠩ ᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠ | ᠯᠢ ᠸᠧᠨ ᠾᠦᠢ ᠬᠤᠳᠠ ᠶᠢᠨ ᠡᠨᠧᠷᠭᠢ ᠶᠢᠨ ᠰᠤᠷᠪᠤᠯᠵᠢ ᠶᠢᠨ ᠲᠣᠪᠴᠢᠶᠠᠨ ᠤ ᠳᠠᠷᠤᠭ᠎ᠠ | ᠵᠣᠣ ᠹᠧᠩ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠤᠪᠴᠢᠶᠠᠨ ᠤ ᠦᠬᠠᠶ ᠬᠤᠲᠠ ᠶᠢᠨ | ᠭᠠᠶᠢᠯᠢ ᠶᠢᠨ ᠶᠠᠪᠤᠳᠠᠯ ᠤᠨ ᠲᠤᠪᠴᠢᠶᠠᠨ ᠤ ᠲᠠᠷᠤᠭ᠎ᠠ | ᠵᠣᠣ ᠶᠦᠩ ᠹᠸᠢ ᠥᠪᠥᠷ ᠮᠣᠩᠭᠤᠯ ᠤᠨ ᠦᠬᠠᠶ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠦᠪᠯᠡᠯ ᠤᠨ ᠡᠷᠬᠢᠯᠡᠭᠴᠢ | ᠵᠧᠤ ᠶᠦᠨ ᠬᠠᠶ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠶᠢᠨ | ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠦᠬᠠᠶ ᠶᠢᠨ ᠪᠠᠷᠠᠭ᠎ᠠ ᠲᠡᠭᠡᠭᠡᠪᠦᠷᠢ ᠶᠢᠨ ᠲᠥᠪ ᠤᠨ ᠶᠡᠷᠦᠩᠬᠡᠶ ᠳᠠᠭᠠᠭᠠᠮᠠᠯ 365bet400电话_365bet亚洲官方_www.28365-365.com | ᠪᠥᠸᠧ ᠬᠤᠩ ᠪᠢᠨ ᠥᠪᠥᠷ ᠮᠣᠩᠭᠤᠯ ᠤᠨ ᠴᠠᠬᠢᠯᠭᠠᠨ ᠬᠦᠴᠦᠨ ᠤ ︵ᠪᠦᠯᠦᠭᠯᠡᠯ︶ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢᠨ ᠦᠬᠠᠶ ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠶᠡᠷᠦᠩᠬᠡᠶ ᠳᠠᠭᠠᠭᠠᠮᠠᠯ | ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ ᠳᠤ ᠪᠠᠶᠢᠷᠢᠯᠠᠭᠤᠯᠵᠤ᠂ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠱᠢ ᠳ᠋ᠡ ᠶᠦᠩ ᠨᠥᠬᠦᠷ | ᠬᠠᠪᠰᠤᠷᠭᠠᠨ ᠬᠠᠷᠢᠭᠤᠴᠠᠵᠤ᠂ ᠳᠡᠳ᠋ ᠡᠷᠬᠢᠯᠡᠭᠴᠢ ᠶᠢᠨ ᠲᠤᠰᠢᠶᠠᠯ ᠢ ᠾᠧ ᠵᠢᠶᠠᠨ ᠮᠢᠨ᠂ ᠶᠠᠩ ᠽᠢ ᠴᠢᠩ᠂ ᠳ᠋ᠦᠩ | ᠶᠠᠨ ᠶᠦᠨ᠂ ᠵᠣᠣ ᠰᠢᠶᠤᠤ ᠨᠢᠩ ᠵᠡᠷᠭᠡ ᠳᠥᠷᠪᠡᠨ ᠨᠥᠬᠦᠷ ᠬᠠᠪᠰᠤᠷᠭᠠᠨ ᠬᠠᠷᠢᠭᠤᠴᠠᠨ᠎ᠠ᠃ ᠠᠯᠪᠠᠨ ᠬᠡᠷ ᠨᠢ | ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠠᠵᠢᠯ ᠵᠢᠴᠢ ᠨᠡᠪᠲᠡᠷᠡᠯᠴᠡᠨ ᠬᠠᠷᠢᠯᠴᠠᠬᠤ᠂ ᠨᠢᠭᠡᠳᠦᠯᠲᠡᠶ | ᠲᠥᠯᠥᠪᠯᠡᠨ ᠵᠣᠬᠢᠴᠠᠭᠤᠯᠬᠤ ᠵᠡᠷᠭᠡ ᠠᠵᠢᠯ ᠢ ᠬᠠᠷᠢᠭᠤᠴᠠᠵᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ | ᠬᠠᠮᠲᠤᠷᠠᠭᠰᠠᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠯᠪᠤᠭᠳᠠᠯ ᠪᠥᠬᠦᠶ ᠠᠵᠢᠯ ᠢ ᠠᠬᠢᠭᠤᠯᠤᠨ | ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠳᠣᠭᠢᠷᠠᠭᠤᠯᠬᠤ ᠪᠠ ᠰᠢᠮᠳᠠᠭᠤᠯᠤᠨ ᠬᠦᠢᠴᠡᠳᠬᠡᠵᠦ᠂ ᠠᠵᠢᠯ ᠢ ᠠᠬᠢᠭᠤᠯᠬᠤ | ᠳᠤᠮᠳᠠ ᠣᠷᠣᠰᠢᠵᠤ ᠪᠠᠶᠢᠭ᠎ᠠ ᠠᠰᠠᠭᠤᠳᠠᠯ ᠢᠶᠠᠨ ᠵᠣᠬᠢᠴᠠᠭᠤᠯᠤᠨ ᠰᠢᠢᠳᠪᠦᠷᠢᠯᠡᠨ᠎ᠡ᠃ ᠡᠯ᠎ᠡ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ᠂ ᠦᠬᠠᠶ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ | ᠤᠷᠤᠨ ᠨᠢ ᠴᠠᠬᠢᠯᠭᠠᠨ ᠥᠷᠲᠡᠭᠡ᠂ ᠳᠠᠮᠵᠢᠭᠤᠯᠤᠨ ᠲᠡᠭᠡᠭᠡᠪᠦᠷᠢᠯᠡᠬᠦ ᠲᠠᠯᠠᠪᠤᠷ ᠥᠷᠲᠡᠭᠡ ᠵᠡᠷᠭᠡ ᠰᠠᠭᠤᠷᠢ | ᠪᠡᠯᠡᠳᠬᠡᠮᠵᠢ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠰᠢᠨ᠎ᠡ ᠡᠨᠧᠷᠭᠢ ᠶᠢᠨ ᠡᠬᠡ ᠬᠠᠭᠤᠷᠠᠶ ᠶᠢᠨ | ᠭᠠᠷᠠᠮ ᠢ ᠲᠥᠯᠥᠪᠵᠢᠭᠦᠯᠦᠨ ᠪᠥᠲᠥᠭᠡᠨ ᠪᠠᠶᠢᠭᠤᠯᠤᠨ᠎ᠠ︔ ᠬᠤᠲᠠ ᠶᠢᠨ ᠡᠨᠧᠷᠭᠢ ᠶᠢᠨ ᠲᠣᠪᠴᠢᠶ᠎ᠠ᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠲᠣᠰ ᠲᠣᠰ ᠴᠠᠬᠢᠯᠭᠠᠨ ᠭᠠᠷᠭᠠᠬᠤ᠂ ᠬᠡᠦᠷᠰᠢᠭᠦᠯᠬᠦ ᠠᠵᠤ | ᠠᠬᠤᠶᠢᠯᠠᠯ ᠤᠨ ᠱᠠᠭᠠᠷᠳᠠᠯᠭ᠎ᠠ ᠶᠣᠰᠣᠭᠠᠷ ᠪᠢᠲᠡᠭᠦᠮᠵᠢᠯᠡᠬᠦ᠂ ᠰᠢᠨ᠎ᠡ ᠡᠨᠧᠷᠭᠢᠵᠢᠭᠦᠯᠬᠦ ᠥᠭᠡᠷᠡᠴᠢᠯᠡᠯᠲᠡ ᠶᠢᠨ ᠣᠨ ᠤ | ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠰᠢᠪᠠᠳᠠᠨ ᠵᠢᠯᠣᠭᠤᠳᠤᠨ᠎ᠠ︔ ᠪᠤᠰᠤᠳ ᠪᠦᠷᠢᠯᠳᠦᠬᠦᠨ ᠨᠢᠭᠡᠴᠡ ᠨᠦᠭᠦᠳ | ᠲᠣᠰ ᠲᠣᠰ ᠤᠨ ᠡᠭᠦᠷᠭᠡ ᠲᠤᠰᠢᠶᠠᠯ ᠢᠶᠠᠨ ᠬᠦᠢᠴᠡᠳᠬᠡᠵᠦ᠂ ᠠᠵᠢᠯ ᠤᠨ ᠬᠤᠪᠢᠶᠠᠷᠢᠯᠠᠯ ᠶᠣᠰᠣᠭᠠᠷ ᠠᠵᠢᠯ ᠤᠨ | ᠨᠠᠶᠢᠳᠠᠪᠤᠷᠢᠵᠢᠭᠤᠯᠤᠯᠲᠠ ᠪᠠᠨ ᠰᠠᠶᠢᠲᠤᠷ ᠠᠳᠬᠤᠨ᠎ᠠ᠃ | ᠬᠤᠶᠢᠰᠢᠳᠠ ᠬᠤᠳᠠ ᠶᠢᠨ ᠤᠳᠤᠷᠢᠳᠤᠯᠭ᠎ᠠ ᠶᠢ ᠭᠠᠷᠭᠠᠪᠠᠯ᠂ ᠪᠤᠰᠤᠳ ᠬᠥᠮᠦᠰ ᠲᠤ ᠬᠤᠪᠢᠷᠠᠯᠲᠠ ᠭᠠᠷᠪᠠᠯ᠂ | ᠤᠳᠤᠷᠢᠳᠬᠤ ᠳᠤᠭᠤᠶᠢᠯᠠᠩ ᠠᠴᠠ ᠥᠪᠡᠷᠰᠡᠳ ᠢᠶᠠᠨ ᠲᠤᠬᠢᠷᠠᠭᠤᠯᠤᠯᠳᠠ ᠬᠢᠵᠦ᠂ ᠬᠤᠳᠠ ᠶᠢᠨ ᠵᠠᠰᠠᠭ ᠤᠨ | ᠣᠷᠳᠣᠨ ᠤ ᠠᠯᠪᠠᠨ ᠭᠡᠷ ᠠᠴᠠ ᠠᠰ ᠲᠤᠨᠢ ᠠᠯᠪᠠᠨ ᠪᠢᠴᠢᠭ ᠲᠠᠷᠬᠠᠭᠠᠬᠤ ᠦᠬᠡᠢ᠃ | ᠬᠠᠭᠤᠯᠤᠨ ᠬᠦᠷᠭᠡᠬᠦ ᠨᠢ᠄ ᠬᠤᠲᠠ ᠶᠢᠨ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ ᠬᠤᠲᠠ ᠶᠢᠨ | ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ᠂ ᠴᠡᠷᠢᠭ ᠤᠨ ᠬᠤᠪᠢᠶᠠᠷᠢ ᠲᠤᠭᠤᠷᠢᠭ᠂ ᠬᠤᠲᠠ ᠶᠢᠨ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ | ᠬᠤᠷᠢᠶ᠎ᠠ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠃ | ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠡ᠂ ᠬᠤᠲᠠ ᠳᠤ ᠰᠠᠭᠤᠭ᠎ᠠ ᠨᠢᠭᠡᠴᠡ᠃ | | ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ | 2022 ᠣᠨ ᠤ 4 ᠰᠠᠷ᠎ᠠ ᠶᠢᠨ 20 ᠤ ᠡᠳᠦᠷ ᠳᠠᠷᠤᠮᠠᠯᠯᠠᠨ ᠲᠠᠷᠬᠠᠭᠠᠪᠠ | |