ᠦᠬᠠᠶ ᠵᠠᠰᠠᠭ ᠠᠯᠪᠠᠨ ᠲᠠᠷᠬᠠᠭᠠᠭᠰᠠᠨ ︹ 2022 ︺ 19 ᠳ᠋ᠣᠭᠡᠷ ᠲᠣᠭᠠᠲᠤ | ᠦᠬᠠᠶ ᠬᠤᠲᠠ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ | ᠬᠡᠷᠡᠭᠵᠢᠭᠦᠯᠬᠦ ᠲᠥᠰᠦᠯ ︵2022 ᠣᠨ ᠤ ᠬᠡᠪᠯᠡᠯ︶ ᠢ ᠳᠠᠷᠤᠮᠠᠯᠯᠠᠨ ᠶᠠᠪᠤᠭᠤᠯᠬᠤ ᠲᠤᠬᠠᠶ ᠦᠬᠠᠶ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ | ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠳᠠ ᠶᠢᠨ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠦᠬᠠᠶ ᠬᠤᠲᠠ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠲᠤᠬᠠᠶ ᠬᠡᠷᠡᠭᠵᠢᠭᠦᠯᠬᠦ ᠲᠥᠰᠦᠯ ︵2022 ᠣᠨ ᠤ ᠬᠡᠪᠯᠡᠯ︶︾ ᠢ ᠬᠤᠲᠠ ᠶᠢᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ | ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | 2022 ᠣᠨ ᠤ 6 ᠰᠠᠷ᠎ᠠ ᠶᠢᠨ 24 ᠤ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | ᠦᠬᠠᠶ ᠬᠤᠲᠠ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ | ᠬᠡᠷᠡᠭᠵᠢᠭᠦᠯᠬᠦ ᠲᠥᠰᠦᠯ ︵2022 ᠣᠨ ᠤ ᠬᠡᠪᠯᠡᠯ︶ | | ᠥᠪᠡᠷᠲᠡᠭᠡᠨ ᠵᠠᠰᠠᠬᠤ ᠣᠷᠣᠨ ᠤ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠦᠢᠯᠡᠴᠢᠯᠡᠭᠡᠨ ᠤ | ᠦᠢᠯᠡᠰ ᠤᠨ ᠰᠡᠷᠭᠦᠯᠲᠡ ᠶᠢᠨ ᠴᠢᠨᠠᠷᠲᠠᠶ ᠨᠡᠮᠡᠭᠳᠡᠯ ᠢ ᠠᠭᠢᠭᠤᠯᠵᠤ᠂ ᠪᠦᠬᠦ ᠬᠤᠲᠠ ᠶᠢᠨ ᠦᠢᠯᠡᠴᠢᠯᠡᠭᠡᠨ ᠤ | ᠦᠢᠯᠡᠰ ᠤᠨ ᠭᠤᠣᠯᠳᠠᠯᠭ᠎ᠠ ᠲᠠᠢ ᠬᠦᠷᠢᠶ᠎ᠡ ᠪᠣᠯᠤᠨ ᠬᠥᠭᠵᠢᠯᠲᠡ ᠶᠢᠨ ᠳᠤᠲᠠᠭᠤᠳᠠᠯ ᠳᠤ ᠠᠩᠬᠠᠷᠣᠯ ᠢᠶᠠᠨ | ᠲᠦᠪᠯᠡᠷᠡᠬᠦᠯᠵᠦ᠂ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ | ᠨᠡᠮᠡᠭᠳᠡᠭᠦᠯᠬᠦ ᠶᠢ ᠠᠬᠢᠭᠤᠯᠬᠤ ᠶᠢᠨ ᠲᠦᠯᠦᠭᠡ᠂ ︽ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ | ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠦᠯ ︵ | 2022 ᠣᠨ ᠤ ᠬᠡᠪᠯᠡᠯ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ | ᠦᠢᠯᠡᠰ ᠤᠨ 2022 ᠣᠨ ᠤ ᠠᠵᠢᠯᠯᠠᠭᠠᠨ ᠤ ᠲᠥᠰᠦᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠳᠤᠲᠠᠭᠤᠳᠠᠯ ᠢᠶᠠᠨ ᠨᠥᠬᠦᠪᠥᠷᠢᠯᠡᠵᠦ ᠬᠢᠷᠢ | ᠲᠦᠪᠰᠢᠨ ᠢᠶᠠᠨ ᠳᠡᠭᠡᠭᠰᠢᠯᠡᠭᠦᠯᠬᠦ ᠶᠢ ᠠᠬᠢᠭᠤᠯᠬᠤ ᠲᠤᠬᠠᠶ ᠠᠵᠢᠯᠯᠠᠭᠠᠨ ᠤ ᠲᠥᠰᠦᠯ︾ ᠵᠡᠷᠭᠡ ᠠᠯᠢ ᠣᠯᠠᠨ | ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠶ ᠲᠠᠢ ᠪᠠᠨ | ᠤᠶᠠᠯᠳᠤᠭᠤᠯᠵᠤ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ | ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠤᠱᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠨᠠᠷᠢᠨ | ᠬᠢᠨᠠᠮᠠᠭᠠᠶ ᠨᠠᠶᠢᠳᠠᠪᠤᠷᠢᠵᠢᠭᠤᠯᠵᠤ᠂᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ | ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ︽ᠨᠢᠭᠡ ᠵᠢᠷᠤᠮᠯᠠᠯ ᠢ ᠪᠠᠷᠢᠮᠲᠠᠯᠠᠵᠤ᠂ ᠨᠢᠭᠡ ᠭᠤᠣᠯ ᠰᠢᠵᠢᠮ ᠢ | ᠲᠤᠤᠱᠯᠠᠭᠤᠯᠵᠤ᠂ ᠬᠤᠶᠠᠷ ᠶᠡᠭᠡ ᠡᠭᠦᠷᠭᠡ ᠶᠢ ᠠᠬᠢᠭᠤᠯᠵᠤ᠂ ︿ᠭᠤᠷᠪᠠᠨ ᠴᠢᠨᠠᠷ ᠰᠠᠶᠢᠳᠠᠢ﹀ ᠬᠠᠷᠠᠯᠲᠠ ᠶᠢ | ᠪᠡᠶᠡᠯᠡᠭᠦᠯᠬᠦ︾ ᠬᠥᠭᠵᠢᠯᠲᠡ ᠶᠢᠨ ᠰᠡᠳᠬᠢᠴᠡ ᠶᠢᠨ ᠲᠣᠭᠤᠷᠢᠨ ᠳᠤ᠂ ᠦᠢᠯᠡᠴᠢᠯᠡᠭᠡᠨ ᠤ ᠦᠢᠯᠡᠰ ᠤᠨ | ᠬᠥᠭᠵᠢᠯᠲᠡ ᠶᠢᠨ ᠳᠤᠲᠠᠭᠤᠳᠠᠯ ᠢᠶᠠᠨ ᠨᠥᠬᠦᠪᠥᠷᠢᠯᠡᠬᠦ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ᠂ | ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠪᠠᠷ ᠭᠤᠣᠯ ᠪᠣᠯᠭᠠᠵᠤ᠂ | ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ | ᠲᠦᠷᠭᠡᠪᠴᠢᠯᠡᠨ ᠠᠬᠢᠭᠤᠯᠵᠤ᠂ ᠬᠤᠳᠠ ᠶᠢᠨ ᠴᠢᠳᠠᠮᠵᠢ ᠪᠠᠨ ᠲᠡᠰ ᠳᠡᠪᠰᠢᠭᠦᠯᠬᠦ ᠶᠢ ᠦᠷᠭᠦᠯᠵᠢᠯᠡᠨ ᠲᠦᠯᠬᠢᠨ | ᠠᠬᠢᠭᠤᠯᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠶᠠᠰᠤ ᠴᠢᠨᠠᠷ ᠢᠶᠠᠨ ᠯᠠᠪᠳᠠᠭᠤᠨ ᠢᠶᠠᠷ | ᠳᠡᠭᠡᠭᠰᠢᠯᠡᠭᠦᠯᠵᠦ᠂ ᠠᠵᠤ ᠦᠢᠯᠡᠰ ᠤᠨ ᠪᠦᠲᠦᠴᠡ ᠪᠠᠨ ᠨᠡᠩ ᠰᠢᠯᠢᠳᠡᠭᠵᠢᠭᠦᠯᠬᠦ ᠶᠢ ᠲᠦᠯᠬᠢᠨ ᠠᠬᠢᠭᠤᠯᠵᠤ᠂ ᠠᠵᠤ | ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠬᠡᠷᠡᠭᠴᠡᠭᠡ ᠪᠠ ᠤᠯᠠᠨ ᠲᠦᠮᠡᠨ ᠤ ᠡᠳᠦᠷ ᠢᠷᠡᠬᠦᠶ᠎ᠡ | ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠴᠢᠬᠤᠯᠠ ᠲᠦᠰᠢᠭ ᠲᠤᠯᠭᠠᠭᠤᠷᠢ ᠬᠠᠩᠭᠠᠨ᠎ᠠ᠃ | ︵ᠬᠤᠶᠠᠷ︶ ᠠᠵᠢᠯ ᠤᠨ ᠵᠠᠷᠴᠢᠮ | — ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ | ᠤᠷᠤᠭᠰᠢᠯᠠᠭᠤᠯᠤᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠦᠢᠯᠡᠴᠢᠯᠡᠭᠡᠨ ᠤ ᠦᠢᠯᠡᠰ ᠤᠨ ᠪᠠᠭᠲᠠᠭᠠᠮᠵᠢ ᠪᠠᠨ ᠥᠷᠭᠡᠳᠬᠡᠨ ᠶᠠᠰᠤ ᠴᠢᠨᠠᠷ ᠢᠶᠠᠨ | ᠳᠡᠭᠡᠭᠰᠢᠯᠡᠭᠦᠯᠬᠦ ᠶᠢ ᠢᠳᠡᠪᠬᠢᠲᠡᠢ ᠯᠠᠪᠳᠠᠭᠤᠨ ᠢᠶᠠᠷ ᠠᠬᠢᠭᠤᠯᠵᠤ᠂ ᠦᠢᠯᠡᠴᠢᠯᠡᠭᠡᠨ ᠤ ᠦᠢᠯᠡᠰ ᠤᠨ ᠪᠦᠲᠦᠴᠡ ᠪᠠᠨ | ᠰᠢᠯᠢᠳᠡᠭᠵᠢᠭᠦᠯᠬᠦ ᠶᠢ ᠦᠷᠭᠦᠯᠵᠢᠯᠡᠨ ᠠᠬᠢᠭᠤᠯᠵᠤ᠂ ᠠᠵᠤ ᠦᠢᠯᠡᠰ ᠤᠨ ᠬᠤᠭᠤᠷᠣᠨᠳᠣᠬᠢ ᠵᠣᠬᠢᠴᠠᠩᠭᠤᠢ | ᠠᠭᠤᠰᠤᠯᠴᠠᠨ ᠬᠥᠭᠵᠢᠬᠦ ᠶᠢ ᠠᠬᠢᠭᠤᠯᠵᠤ᠂ ᠦᠢᠯᠡᠴᠢᠯᠡᠭᠡᠨ ᠤ ᠬᠠᠩᠭᠠᠯᠭ᠎ᠠ ᠪᠠᠨ ᠲᠠᠰᠤᠷᠠᠯᠲᠠ ᠦᠭᠡᠢ ᠥᠷᠭᠡᠳᠬᠡᠵᠦ᠂ | ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢᠶᠠᠨ ᠳᠡᠭᠡᠭᠰᠢᠯᠡᠭᠦᠯᠵᠦ᠂ ᠬᠡᠷᠡᠭᠯᠡᠭᠡᠨ ᠤ ᠲᠡᠰ ᠳᠡᠪᠰᠢᠬᠦ ᠶᠢ | ᠠᠬᠢᠭᠤᠯᠵᠤ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠤᠯᠠᠨ ᠳᠤ ᠨᠡᠩ | ᠤᠯᠠᠨ ᠬᠦᠷᠲᠡᠭᠡᠨ᠎ᠡ᠃ | — ᠭᠤᠤᠯᠳᠠᠯᠭ᠎ᠠ ᠪᠠᠨ ᠳᠣᠪᠤᠶᠢᠯᠭᠠᠵᠤ᠂ ᠰᠢᠯᠢᠳᠡᠭᠵᠢᠭᠦᠯᠦᠨ ᠳᠡᠭᠡᠭᠰᠢᠯᠡᠭᠦᠯᠦᠨ᠎ᠡ᠃ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠠᠭᠤᠷᠢ ᠪᠠᠨ | ᠪᠠᠬᠢᠵᠢᠭᠦᠯᠬᠦ᠂ ᠳᠤᠲᠠᠭᠤᠳᠠᠯ ᠢᠶᠠᠨ ᠨᠥᠬᠦᠪᠥᠷᠢᠯᠡᠬᠦ᠂ ᠪᠠᠭᠤᠷᠠᠶ ᠪᠠᠨ ᠬᠦᠴᠦᠷᠭᠡᠭᠵᠢᠬᠦᠯᠬᠦ ᠳᠤ ᠬᠦᠴᠦ ᠲᠠᠯᠪᠢᠵᠦ᠂ | ᠤᠯᠠᠮᠵᠢᠯᠠᠯᠲᠤ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ | ᠨᠡᠮᠡᠭᠳᠡᠭᠦᠯᠬᠦ ᠶᠢ ᠲᠦᠯᠬᠢᠨ ᠠᠬᠢᠭᠤᠯᠵᠤ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠶᠡᠭᠡ ᠪᠠᠷ ᠪᠤᠶᠢᠵᠢᠭᠤᠯᠵᠤ | ᠂ ᠦᠢᠯᠡᠳᠬᠦᠨ᠂ ᠮᠡᠷᠭᠡᠵᠢᠯ᠂ ᠡᠵᠡᠩᠨᠡᠯᠲᠡ ᠶᠢᠨ ᠬᠡᠯᠪᠡᠷᠢ ᠪᠠᠶᠢᠳᠠᠯ ᠪᠠ ᠵᠠᠭᠪᠤᠷ ᠤᠨ ᠰᠢᠨ᠎ᠡ ᠶᠢ ᠡᠭᠦᠳᠬᠦ ᠳᠤ | ᠦᠢᠯᠡᠴᠢᠯᠡᠬᠦ ᠪᠠᠨ ᠲᠦᠷᠭᠡᠪᠴᠢᠯᠡᠨ ᠠᠬᠢᠭᠤᠯᠵᠤ᠂ ᠠᠵᠤ ᠠᠬᠤᠶ ᠶᠢᠨ ᠨᠡᠮᠡᠭᠳᠡᠯ ᠳᠤ ᠦᠵᠡᠭᠦᠯᠬᠦ ᠦᠢᠯᠡᠴᠢᠯᠡᠭᠡᠨ ᠤ | ᠦᠢᠯᠡᠰ ᠤᠨ ᠳᠠᠶᠢᠴᠢᠯᠠᠬᠤ ᠦᠢᠯᠡᠳᠦᠯ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ | — ᠰᠢᠰᠲ᠋ᠧᠮ ᠲᠠᠢ ᠲᠥᠯᠥᠪᠵᠢᠭᠦᠯᠵᠦ᠂ ᠲᠦᠷᠦᠯ ᠵᠦᠢᠯ ᠢᠶᠠᠷ ᠲᠤᠯᠭᠠᠭᠤᠷᠢᠯᠠᠭᠤᠯᠤᠨ᠎ᠠ᠃ ᠠᠵᠤ | ᠦᠢᠯᠡᠰ ᠤᠨ ᠲᠠᠰ ᠳᠡᠪᠰᠢᠬᠦ ᠶᠢ ᠠᠬᠢᠭᠤᠯᠬᠤ᠂ ᠳᠣᠲᠣᠭᠠᠳᠤ ᠬᠡᠷᠡᠭᠴᠡᠭᠡ ᠪᠠᠨ ᠥᠷᠭᠡᠳᠬᠡᠬᠦ᠂ ᠠᠷᠠᠳ ᠤᠨ | ᠠᠮᠢᠳᠤᠷᠠᠯ ᠢ ᠰᠠᠶᠢᠵᠢᠷᠠᠭᠤᠯᠬᠤ ᠪᠠᠷ ᠬᠠᠷᠠᠯᠲᠠ ᠪᠣᠯᠭᠠᠵᠤ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ | ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠬᠥᠭᠵᠢᠯᠲᠡ ᠶᠢᠨ ᠬᠠᠷᠠᠯᠲᠠ ᠶᠢ ᠨᠢᠭᠡᠳᠦᠯᠲᠡᠶ ᠲᠥᠯᠥᠪᠯᠡᠨ᠂ ᠲᠥᠷᠥᠯ | ᠵᠦᠢᠯ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠨᠢᠭᠡ ᠪᠦᠯᠦᠭ | ᠴᠢᠬᠤᠯᠠ ᠶᠡᠭᠡ ᠲᠥᠷᠥᠯ ᠵᠦᠢᠯ᠂ ᠴᠢᠨᠠᠷ ᠰᠠᠶᠢᠲᠠᠶ ᠲᠥᠷᠥᠯ ᠵᠦᠢᠯ ᠢ ᠢᠳᠡᠪᠬᠢᠲᠡᠶ ᠪᠠᠷ ᠤᠬᠠᠭᠠᠯᠠᠨ ᠲᠥᠯᠥᠪᠯᠡᠵᠦ᠂ | ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠲᠤᠯᠭᠠᠭᠤᠷᠢᠯᠠᠯ ᠬᠠᠩᠭᠠᠨ᠎ᠠ᠃ | ︵ᠭᠤᠷᠪᠠ︶ ᠠᠵᠢᠯ ᠤᠨ ᠬᠠᠷᠠᠯᠲᠠ | ᠦᠢᠯᠡᠴᠢᠯᠡᠭᠡᠨ ᠤ ᠦᠢᠯᠡᠰ ᠤᠨ ᠠᠵᠤ ᠠᠬᠤᠶ ᠶᠢᠨ ᠨᠡᠮᠡᠭᠳᠡᠯ ᠳᠤ ᠦᠵᠡᠭᠦᠯᠬᠦ ᠳᠠᠶᠢᠴᠢᠯᠠᠬᠤ ᠦᠢᠯᠡᠳᠦᠯ ᠢ | ᠬᠦᠴᠦᠯᠡᠨ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠬᠡᠷᠡᠭᠴᠡᠭᠡ | ᠪᠣᠯᠤᠨ ᠰᠠᠭᠤᠭᠠᠯᠢ ᠠᠷᠠᠳ ᠤᠨ ᠬᠡᠷᠡᠭᠯᠡᠭᠡᠨ ᠤ ᠳᠡᠰ ᠳᠡᠪᠰᠢᠬᠦ ᠬᠠᠨᠳᠤᠰᠢ ᠶᠢᠨ ᠲᠣᠭᠤᠷᠢᠨ ᠳᠤ᠂ | ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠲᠤᠰᠬᠠᠶᠢᠵᠢᠭᠤᠯᠬᠤ ᠪᠠ ᠦᠷᠳᠡᠭ ᠤᠨ ᠬᠡᠯᠬᠢᠶ᠎ᠡ ᠶᠢ | ᠳᠡᠭᠡᠳᠦ ᠲᠡᠰ ᠳᠡᠰᠢ ᠤᠷᠲᠤᠳᠬᠠᠬᠤ᠂ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠨᠠᠷᠢᠯᠢᠭ ᠪᠠ | ᠥᠨᠳᠥᠷ ᠶᠠᠰᠤ ᠴᠢᠨᠠᠷ ᠳᠡᠰᠢ ᠬᠤᠪᠢᠷᠠᠭᠤᠯᠬᠤ ᠶᠢ ᠠᠬᠢᠭᠤᠯᠵᠤ᠂ 2022 ᠣᠨ ᠳᠤ ᠦᠢᠯᠡᠴᠢᠯᠡᠭᠡᠨ ᠤ ᠦᠢᠯᠡᠰ ᠢ | 6.5% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ | ᠬᠡᠮᠵᠢᠶᠡᠨ ᠤ ᠨᠡᠮᠡᠭᠳᠡᠯ ᠤᠨ ᠬᠤᠷᠳᠤᠴᠠ ᠶᠢ 6.5% ᠳᠤ ᠬᠦᠷᠭᠡᠵᠦ᠂ ᠦᠢᠯᠡᠴᠢᠯᠡᠭᠡᠨ ᠤ ᠦᠢᠯᠡᠰ ᠤᠨ ᠦᠷ᠎ᠡ | ᠠᠰᠢᠭ ᠢ ᠢᠯᠡᠳᠲᠡ ᠳᠡᠭᠡᠭᠰᠢᠯᠡᠭᠦᠯᠵᠦ᠂ ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶᠡᠨ ᠤ | ᠪᠦᠳᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ | ᠴᠢᠳᠠᠪᠤᠷᠢ ᠶᠢᠨ ᠲᠦᠪᠰᠢᠨ ᠢᠶᠠᠨ ᠳᠠᠰᠤᠷᠠᠯᠳᠠ ᠦᠭᠡᠢ ᠳᠡᠭᠡᠭᠰᠢᠯᠡᠭᠦᠯᠦᠨ᠎ᠡ᠃ | | ᠬᠤᠶᠠᠷ᠂ ᠭᠤᠣᠯᠳᠠᠯᠭ᠎ᠠ ᠲᠠᠢ ᠡᠭᠦᠷᠭᠡ | ︵ᠨᠢᠭᠡ︶ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢᠶᠠᠨ ᠳᠡᠭᠡᠭᠰᠢᠯᠡᠭᠦᠯᠦᠨ | ᠦᠷ᠎ᠡ ᠠᠰᠢᠭ ᠢᠶᠠᠨ ᠨᠡᠮᠡᠭᠳᠡᠭᠦᠯᠬᠦ ᠶᠢ ᠲᠦᠯᠬᠢᠨ ᠠᠬᠢᠭᠤᠯᠤᠨ᠎ᠠ | 1. ᠵᠢᠭᠤᠯᠴᠢᠯᠠᠯ ᠤᠨ ᠦᠢᠯᠡᠰ᠃ ᠬᠠᠲᠤᠨ ᠭᠤᠤᠯ ᠤᠨ ᠰᠠᠪᠠ ᠭᠠᠵᠠᠷ ᠤᠨ ᠵᠢᠭᠤᠯᠴᠢᠯᠠᠯ ᠤᠨ ᠵᠣᠷᠢᠭᠰᠠᠨ | ᠭᠠᠵᠠᠷ ᠤᠨ ᠬᠤᠲᠠ ᠶᠢ ᠪᠥᠲᠥᠭᠡᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠵᠢᠭᠤᠯᠴᠢᠯᠠᠯ ᠤᠨ ᠦᠵᠡᠮᠵᠢ ᠶᠢᠨ | ᠰᠣᠳᠣᠨ ᠣᠷᠣᠨ ᠢ ᠢᠳᠡᠪᠬᠢᠲᠡᠶ ᠪᠠᠷ ᠡᠭᠦᠳᠦᠨ ᠪᠠᠶᠢᠭᠤᠯᠵᠤ᠂ ᠮᠠᠶᠢᠵᠢ TV ᠵᠢᠵᠢᠭ ᠪᠠᠯᠭᠠᠰᠤ᠂ ᠦᠬᠠᠶ ᠶᠢᠨ | ᠬᠠᠲᠤᠨ ᠭᠤᠤᠯ ᠤᠨ ᠰᠣᠶᠣᠯ ᠤᠨ ᠮᠦᠽᠧᠶ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠᠨ | ᠲᠦᠷᠭᠡᠳᠬᠡᠨ᠂ ᠵᠢᠢ ᠣᠣ ᠨᠢ ᠦᠵᠦᠮ ᠤᠨ ᠠᠷᠢᠬᠢ ᠶᠢᠨ ᠡᠳ᠋ᠯᠡᠩ᠂ ᠬᠠᠲᠤᠨ ᠭᠤᠤᠯ ᠤᠨ ᠪᠠᠷᠠᠭᠤᠨᠰᠢ ᠵᠣᠷᠴᠢᠬᠤ | ᠵᠣᠴᠢᠳ ᠤᠨ ᠪᠠᠭᠤᠳᠠᠯ ᠵᠡᠷᠭᠡ ᠦᠵᠡᠮᠵᠢ ᠶᠢᠨ ᠣᠷᠣᠨ ᠤ ᠲᠠᠰ ᠳᠡᠪᠰᠢᠨ ᠲᠡᠭᠡᠭᠰᠢᠯᠡᠬᠦ ᠶᠢ ᠠᠬᠢᠭᠤᠯᠤᠨ᠎ᠠ᠃ ᠰᠣᠶᠣᠯ | ᠵᠢᠭᠤᠯᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ ᠪᠠᠨ ᠪᠠᠶᠠᠯᠢᠭᠵᠢᠭᠤᠯᠵᠤ᠂ ᠦᠬᠠᠶ ᠨᠠᠭᠤᠷ ᠤᠨ ᠦᠵᠡᠮᠵᠢ ᠶᠢᠨ | ᠣᠷᠣᠨ ᠢ ᠤᠯᠤᠰ ᠤᠨ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠤᠯᠭᠠᠨ ᠡᠭᠦᠳᠦᠨ ᠪᠠᠶᠢᠭᠤᠯᠬᠤ ᠶᠢ | ᠳᠥᠯᠭᠢᠨ ᠠᠬᠢᠭᠤᠯᠵᠤ᠂ ᠮᠦᠸᠧᠯ ᠬᠤᠲᠠ ᠶᠢᠨ ᠰᠣᠶᠣᠯ ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ᠂ | ᠤᠩᠰᠢᠯᠭ᠎ᠠ ᠶᠢᠨ ᠨᠣᠮ ᠤᠨ ᠪᠠᠭᠠᠷ᠂ ᠬᠠᠲᠤᠨ ᠭᠤᠤᠯ ᠤᠨ ᠲᠣᠮᠣ ᠲᠠᠪᠴᠠᠩ ᠵᠡᠷᠭᠡ ᠨᠠᠭᠤᠷ ᠲᠣᠭᠤᠷᠢᠭᠰᠠᠨ ᠣᠷᠣᠨ | ᠪᠦᠰᠡ ᠳᠤ ᠲᠦᠰᠢᠭᠯᠡᠨ᠂ ᠪᠠᠷᠠᠭ᠎ᠠ ᠬᠤᠳᠠᠯᠳᠤᠨ ᠠᠪᠬᠤ᠂ ᠢᠳᠡᠭᠡᠨ ᠤᠮᠳᠠᠭᠠᠨ᠂ ᠵᠤᠭ᠎ᠠ ᠴᠡᠩᠭᠡᠯ᠂ ᠰᠡᠯᠡᠭᠦᠴᠡᠯ᠂ | ᠬᠤᠨᠤᠭ ᠢ ᠨᠢᠭᠡ ᠴᠣᠭᠴᠠᠵᠢᠭᠤᠯᠤᠭᠰᠠᠨ ᠰᠥᠨᠢ ᠶᠢᠨ ᠠᠵᠤ ᠠᠬᠤᠶ ᠶᠢᠨ ᠲᠥᠪᠯᠡᠷᠡᠭᠰᠡᠨ ᠣᠷᠣᠨ ᠪᠠ ᠵᠢᠭᠤᠯᠴᠢᠯᠠᠯ | ᠰᠡᠯᠡᠭᠦᠴᠡᠯ ᠤᠨ ᠵᠡᠭᠡᠯᠢ ᠲᠣᠭᠤᠷᠢᠭ ᠢ ᠲᠥᠯᠥᠪᠵᠢᠭᠦᠯᠦᠨ ᠬᠥᠭᠵᠢᠭᠦᠯᠦᠨ᠎ᠡ᠃ C ᠲᠠᠰ ᠤᠨ ᠬᠤᠪᠢ ᠶᠢᠨ ᠮᠠᠰᠢᠨ | ᠲᠡᠷᠭᠡ ᠪᠠᠷ ᠵᠢᠭᠤᠯᠴᠢᠯᠠᠨ ᠰᠠᠭᠤᠬᠤ ᠪᠠ ᠪᠠᠭᠤᠳᠠᠯᠯᠠᠬᠤ ᠭᠠᠵᠠᠷ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ | ᠥᠪᠥᠷ ᠮᠣᠩᠭᠤᠯ ᠤᠨ ᠵᠢᠵᠢᠭ ᠭᠤᠷᠪᠠᠨ ᠱᠤᠭᠤᠮ ᠤᠨ ᠴᠡᠷᠢᠭ ᠤᠨ ᠠᠵᠤ ᠦᠢᠯᠡᠳᠪᠦᠷᠢ ᠶᠢᠨ ᠰᠣᠶᠣᠯ ᠤᠨ | ᠳᠤᠷᠠᠰᠬᠠᠯ ᠤᠨ ᠣᠷᠳᠣᠨ ᠤ ᠦᠵᠡᠬᠦᠯᠦᠯᠭᠡ ᠵᠢᠴᠢ ᠢᠵᠢ ᠪᠥᠷᠢᠳᠦᠭᠦᠯᠬᠦ ᠪᠡᠯᠡᠳᠬᠡᠮᠵᠢ ᠪᠠᠨ ᠳᠡᠭᠡᠭᠰᠢᠯᠡᠭᠦᠯᠦᠨ | ᠲᠡᠭᠦᠯᠳᠡᠷᠵᠢᠭᠦᠯᠵᠦ᠂ ᠲᠦᠷᠦᠭᠦᠤ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠯᠪᠠᠰᠤᠨ | ᠵᠢᠭᠤᠯᠴᠢᠯᠠᠯ ᠤᠨ ᠵᠢᠱᠢᠶ᠎ᠡ ᠦᠵᠡᠭᠦᠯᠬᠦ ᠨᠢᠭᠡᠴᠡ᠂ ᠤᠯᠤᠰ ᠤᠨ ᠲᠠᠰ ᠤᠨ ᠥᠨᠳᠥᠷ ᠣᠳᠣᠨ ᠲᠠᠰ ᠤᠨ ᠪᠠᠭᠤᠳᠠᠯ ᠪᠠ | ᠤᠯᠤᠰ ᠤᠨ ᠲᠠᠰ ᠤᠨ ᠬᠥᠬᠡ᠂ ᠬᠥᠬᠡᠭᠴᠢᠨ᠂ ᠤᠯᠠᠭᠠᠨ ᠲᠠᠰ ᠤᠨ ᠵᠢᠭᠤᠯᠴᠢᠯᠠᠯ ᠤᠨ ᠠᠷᠠᠳ ᠤᠨ ᠰᠠᠭᠤᠴᠠ ᠶᠢ | ᠭᠤᠶᠤᠴᠢᠯᠠᠨ ᠮᠡᠳᠡᠭᠦᠯᠬᠦ ᠶᠢ ᠵᠣᠬᠢᠶᠠᠨ ᠪᠠᠶᠢᠭᠤᠯᠵᠤ᠂ 2022 ᠣᠨ ᠤ ᠳᠤᠮᠳᠠᠳᠤ ᠤᠯᠤᠰ ᠤᠨ ᠵᠢᠭᠤᠯᠴᠢᠯᠠᠯ ᠤᠨ 365bet400电话_365bet亚洲官方_www.28365-365.com | ᠡᠳᠦᠷ ᠤᠨ ᠠᠵᠢᠯᠯᠠᠭ᠎ᠠ ᠶᠢ ᠥᠷᠨᠢᠭᠦᠯᠦᠨ᠎ᠡ᠃ ᠬᠥᠳᠡᠭᠡ ᠲᠣᠰᠬᠤᠨ ᠤ ᠵᠢᠭᠤᠯᠴᠢᠯᠠᠯ ᠤᠨ ᠨᠠᠷᠠᠲᠤ ᠲᠥᠷᠥᠯ | ᠲᠡᠮᠳᠡᠭᠲᠦ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠵᠥᠩ ᠾᠧ ᠶᠤᠸᠠᠨ ᠨᠡᠶᠢᠭᠡᠮ ᠲᠣᠭᠤᠷᠢᠭ᠂ ᠽᠧ ᠶᠤᠸᠠᠨ | ᠨᠡᠶᠢᠭᠡᠮ ᠲᠣᠭᠤᠷᠢᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ | ᠭᠤᠤᠯᠳᠠᠯᠭ᠎ᠠ ᠲᠠᠢ ᠲᠣᠰᠬᠤᠨ ᠢ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ ᠰᠣᠶᠣᠯ ᠤᠨ ᠠᠵᠤ ᠦᠢᠯᠡᠰ ᠤᠨ | ᠲᠥᠪᠯᠡᠷᠡᠭᠰᠡᠨ ᠣᠷᠣᠨ ᠤ ᠬᠥᠭᠵᠢᠨ ᠪᠤᠵᠠᠭᠠᠶᠢᠷᠠᠬᠤ ᠶᠢ ᠲᠡᠳᠬᠦᠨ ᠳᠡᠮᠵᠢᠬᠦ ᠪᠠ ᠪᠤᠶᠢᠵᠢᠭᠤᠯᠵᠤ᠂ ᠦᠬᠠᠶ ᠶᠢᠨ | ᠣᠨᠴᠠᠯᠢᠭ ᠲᠠᠢ ᠰᠣᠶᠣᠯ ᠤᠨ ᠡᠭᠦᠳᠦᠯᠲᠡ ᠶᠢᠨ ᠲᠠᠸᠠᠷ ᠢ ᠨᠡᠭᠡᠭᠡᠨ ᠬᠥᠭᠵᠢᠭᠦᠯᠬᠦ ᠶᠢ ᠳᠡᠮᠵᠢᠵᠦ᠂ 4A ᠠᠴᠠ | ᠳᠡᠭᠡᠭᠰᠢᠬᠢ ᠦᠵᠡᠮᠵᠢ ᠶᠢᠨ ᠣᠷᠣᠨ ᠤ ᠰᠣᠶᠣᠯ ᠤᠨ ᠡᠭᠦᠳᠦᠯᠲᠡ ᠶᠢᠨ ᠲᠠᠸᠠᠷ ᠤᠨ ᠪᠣᠳᠠᠲᠤ ᠴᠣᠭᠴᠠ ᠶᠢᠨ ᠳᠡᠯᠭᠡᠭᠦᠷ | ᠡᠭᠦᠳᠦᠨ ᠪᠠᠶᠢᠭᠤᠯᠬᠤ ᠶᠢ ᠵᠣᠷᠢᠭᠵᠢᠭᠤᠯᠵᠤ᠂ ᠰᠣᠶᠣᠯ ᠤᠨ ᠡᠭᠦᠳᠦᠯᠲᠡ ᠶᠢᠨ ᠵᠢᠭᠤᠯᠴᠢᠯᠠᠯ ᠤᠨ ᠲᠠᠸᠠᠷ ᠢ ᠨᠡᠭᠡᠭᠡᠨ | ᠬᠥᠭᠵᠢᠭᠦᠯᠬᠦ ᠪᠠ ᠳᠡᠯᠭᠡᠷᠡᠭᠦᠯᠬᠦ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠣᠶᠣᠯ | ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ︶ | 2. ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ᠃ ᠥᠪᠡᠷᠲᠡᠭᠡᠨ ᠵᠠᠰᠠᠬᠤ ᠣᠷᠣᠨ ᠤ ᠪᠠᠷᠠᠭᠤᠨ | ᠣᠷᠣᠨ ᠤ ᠬᠡᠷᠡᠭᠯᠡᠭᠡᠨ ᠤ ᠲᠥᠪᠯᠡᠷᠡᠭᠰᠡᠨ ᠭᠠᠵᠠᠷ ᠢ ᠪᠠᠶᠢᠭᠤᠯᠬᠤ ᠲᠣᠭᠤᠷᠢᠨ ᠳᠤ᠂ ᠬᠤᠳᠠᠯᠳᠤᠭᠠᠨ ᠤ ᠣᠷᠣᠨ ᠵᠠᠶ ᠶᠢᠨ | ᠪᠠᠶᠢᠷᠢᠰᠢᠯ ᠢᠶᠠᠨ ᠰᠢᠯᠢᠳᠡᠭᠵᠢᠭᠦᠯᠵᠦ᠂ ᠰᠢᠨᠬᠤᠸᠠ ᠪᠠᠷᠠᠭᠤᠨ ᠵᠡᠭᠡᠯᠢ ᠶᠢᠨ ᠶᠠᠪᠠᠭᠠᠨ ᠵᠡᠭᠡᠯᠢ᠂ ᠸᠠᠨ ᠳ᠋ᠠ ᠶᠢᠨ ᠠᠯᠳᠠᠨ | ᠵᠡᠭᠡᠯᠢ ᠵᠡᠷᠭᠡ ᠤᠨᠴᠠᠯᠢᠬᠳᠤ ᠬᠤᠳᠠᠯᠳᠤᠭᠠᠨ ᠤ ᠵᠡᠭᠡᠯᠢ ᠶᠢᠨ ᠲᠣᠭᠤᠷᠢᠭ ᠢ ᠥᠭᠡᠷᠡᠴᠢᠯᠡᠨ ᠳᠡᠰ ᠳᠡᠪᠰᠢᠭᠦᠯᠵᠦ᠂ | ᠲᠦᠬᠦᠮ ᠦᠵᠡᠭᠦᠯᠬᠦ ᠳᠡᠯᠭᠡᠭᠦᠷ᠂ ᠨᠡᠶᠢᠭᠡᠮ ᠲᠣᠭᠤᠷᠢᠭ ᠤᠨ ᠢᠳᠡᠰᠢᠨ ᠨᠣᠭᠤᠭ᠎ᠠ ᠶᠢᠨ ᠳᠡᠯᠭᠡᠭᠦᠷ᠂ ᠠᠷᠠᠳ ᠲᠤ | ᠲᠦᠬᠦᠮ ᠦᠵᠡᠭᠦᠯᠬᠦ ᠥᠷᠯᠥᠭᠡ ︵ᠤᠷᠤᠢ︶ ᠶᠢᠨ ᠵᠠᠬ᠎ᠠ ᠲᠡᠯᠭᠡᠬᠦᠷ ᠵᠡᠷᠭᠡ ᠨᠢᠭᠡ ᠮᠦᠴᠡᠲᠤ ᠨᠡᠶᠢᠭᠡᠮ ᠲᠣᠭᠤᠷᠢᠭ ᠤᠨ | ᠠᠮᠢᠳᠤᠷᠠᠯ ᠤᠨ ᠬᠦᠷᠢᠶ᠎ᠡ ᠶᠢ ᠶᠡᠬᠡᠪᠡᠷ ᠬᠥᠭᠵᠢᠭᠦᠯᠵᠦ᠂ ᠪᠢᠨ ᠾᠧ ᠰᠢᠨ᠎ᠡ ᠲᠣᠭᠤᠷᠢᠭ ᠤᠨ ᠭᠤᠣᠯ ᠡᠯᠧᠮᠧᠨ᠋ᠲ | ᠲᠥᠪᠯᠡᠷᠡᠭᠰᠡᠨ ᠳᠡᠭᠡᠳᠦ ᠲᠡᠰ ᠤᠨ ᠰᠢᠨ᠎ᠡ ᠬᠡᠯᠪᠡᠷᠢ ᠶᠢᠨ ᠬᠡᠷᠡᠭᠯᠡᠭᠡᠨ ᠤ ᠬᠦᠷᠢᠶ᠎ᠡ ᠶᠢ ᠭᠤᠣᠯᠳᠠᠯᠭ᠎ᠠ ᠲᠠᠢ ᠪᠠᠶᠢᠭᠤᠯᠵᠤ᠂ | ᠮᠦᠸᠧᠯ ᠬᠤᠳᠠ ᠳᠤ ᠭᠤᠣᠯ ᠳᠡᠯᠭᠡᠭᠦᠷ ᠣᠷᠣᠵᠤ ᠰᠠᠭᠤᠬᠤ ᠶᠢ ᠲᠦᠷᠭᠡᠳᠬᠡᠨ ᠠᠬᠢᠭᠤᠯᠵᠤ᠂ ᠵᠦᠷᠢᠶᠡᠴᠢᠯᠡᠭᠰᠡᠨ᠂ | ᠣᠨᠴᠠᠯᠢᠬᠵᠢᠭᠰᠠᠨ᠂ ᠳᠥᠭᠦᠮᠴᠢᠯᠡᠭᠰᠡᠨ ᠤᠳᠤ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ | ᠰᠢᠰᠲ᠋ᠧᠮ ᠢ ᠪᠠᠶᠢᠭᠤᠯᠤᠨ᠎ᠠ᠃ ᠬᠤᠳᠠᠯᠳᠤᠭᠠᠨ ᠤ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠵᠦ᠂ ᠨᠢᠩᠰᠢᠶᠠ ᠶᠢᠨ | ᠬᠤᠸᠠᠢ ᠶᠤᠸᠠᠨ ᠤ ᠰᠥᠨᠢ ᠶᠢᠨ ᠵᠠᠬ᠎ᠠ ᠳᠡᠯᠭᠡᠭᠦᠷ ᠵᠡᠷᠭᠡ ᠨᠠᠷᠠᠲᠤ ᠲᠥᠷᠥᠯ ᠲᠡᠮᠳᠡᠭᠲᠦ ᠪᠠ ᠠᠩᠬᠠᠨ ᠤ | ᠡᠭᠦᠳᠦᠯᠲᠡ ᠶᠢᠨ ᠨᠠᠷᠠᠲᠤ ᠲᠥᠷᠥᠯ ᠲᠡᠮᠳᠡᠭᠲᠦ ᠶᠢᠨ ᠠᠩᠬᠠᠨ ᠤ ᠳᠡᠯᠭᠡᠭᠦᠷ ᠨᠡᠭᠡᠭᠡᠬᠦ ᠶᠢ ᠣᠷᠣᠭᠤᠯᠤᠨ ᠠᠪᠴᠢᠷᠠᠬᠤ | ᠪᠠ ᠠᠬᠢᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ | ᠰᠦᠪᠡᠭᠴᠢᠯᠡᠨ ᠪᠤᠶᠢᠵᠢᠭᠤᠯᠵᠤ᠂ ᠲᠣᠰ ᠭᠠᠵᠠᠷ ᠣᠷᠣᠨ ᠤ ᠰᠦᠯᠵᠢᠶᠡᠨ ᠤ ᠳᠡᠯᠭᠡᠭᠦᠷ᠂ ᠰᠦᠯᠵᠢᠶᠡᠨ ᠤ | ᠬᠤᠳᠠᠯᠳᠤᠭᠠᠴᠢᠨ ᠢ ᠪᠤᠶᠢᠵᠢᠭᠤᠯᠤᠨ ᠬᠥᠭᠵᠢᠭᠦᠯᠵᠦ᠂ ᠦᠬᠠᠶ ᠬᠤᠲᠠ ᠶᠢᠨ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠢ ᠭᠤᠶᠤᠴᠢᠯᠠᠨ ᠮᠡᠳᠡᠭᠦᠯᠬᠦ ᠠᠵᠢᠯ ᠢ ᠥᠷᠨᠢᠭᠦᠯᠵᠦ᠂ | ᠡᠸᠤ ᠹᠠᠨ ᠰᠧ᠂ ᠭᠤᠸᠠᠩ ᠶᠤᠸᠠᠨ ᠤ ᠬᠢᠯᠢ ᠠᠯᠤᠰᠯᠠᠨ ᠬᠤᠳᠠᠯᠳᠤᠨ ᠠᠪᠬᠤ ᠵᠡᠷᠭᠡ ᠬᠢᠯᠢ ᠠᠯᠤᠰᠯᠠᠨ ᠰᠢᠭᠤᠳ | ᠬᠦᠷᠭᠡᠬᠦ ᠬᠤᠳᠠᠯᠳᠤᠭᠠᠨ ᠤ ᠠᠵᠤ ᠠᠬᠤᠶᠢᠯᠠᠯ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ | ᠦᠢᠯᠡᠴᠢᠯᠡᠭᠡ ᠥᠷᠨᠢᠭᠦᠯᠬᠦ ᠶᠢ ᠠᠬᠢᠭᠤᠯᠤᠨ᠎ᠠ᠃ ᠪᠣᠬᠢᠷᠲᠤᠯ ᠥᠬᠡᠶ ᠬᠤᠳᠠᠯᠳᠤᠭᠠᠨ ᠤ ᠲᠠᠯᠠᠪᠤᠷ ᠢ ᠡᠭᠦᠳᠦᠨ | ᠪᠠᠶᠢᠭᠤᠯᠬᠤ ᠪᠠᠨ ᠲᠦᠷᠭᠡᠳᠬᠡᠵᠦ᠂ ᠸᠠᠨ ᠳ᠋ᠠ ᠠᠭᠤᠳᠠᠮ ᠲᠠᠯᠠᠪᠠᠶ ᠶᠢᠨ ᠪᠣᠬᠢᠷᠲᠤᠯ ᠥᠬᠡᠶ ᠬᠤᠳᠠᠯᠳᠤᠭᠠᠨ ᠤ | ᠲᠠᠯᠠᠪᠤᠷ ᠤᠨ ᠴᠣᠯᠠ ᠪᠠᠷ ᠦᠨᠡᠯᠡᠭᠳᠡᠭᠰᠡᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠨᠢ ᠪᠠᠳᠠᠷᠠᠭᠤᠯᠵᠤ᠂ | ᠮᠢᠩ ᠵᠦ ᠪᠦᠷᠢᠨ ᠪᠠᠷᠠᠭ᠎ᠠ ᠵᠡᠷᠭᠡ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ ᠬᠥᠲᠥᠯᠦᠨ ᠵᠢᠯᠣᠭᠤᠳᠴᠤ | ᠪᠠᠶᠢᠭᠠᠳ ᠪᠣᠬᠢᠷᠲᠤᠯ ᠥᠬᠡᠶ ᠬᠤᠳᠠᠯᠳᠤᠭᠠᠨ ᠤ ᠲᠠᠯᠠᠪᠤᠷ ᠢ ᠡᠭᠦᠳᠦᠨ ᠪᠠᠶᠢᠭᠤᠯᠬᠤ ᠪᠠᠷ ᠢᠳᠡᠪᠬᠢᠲᠡᠶ ᠪᠠᠷ | ᠮᠡᠳᠡᠭᠦᠯᠦᠨ᠎ᠡ᠃ ᠢᠳᠡᠭᠡᠨ ᠤᠮᠳᠠᠭᠠᠨ ᠤ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ ᠨᠠᠷᠠᠲᠤ | ᠲᠥᠷᠥᠯ ᠲᠡᠮᠳᠡᠭᠲᠦ ᠶᠢ ᠪᠣᠶ ᠪᠣᠯᠭᠠᠬᠤ᠂ ᠬᠡᠯᠬᠢᠶᠡᠵᠢᠯ ᠢᠶᠠᠨ ᠴᠢᠩᠭᠠᠷᠠᠭᠤᠯᠬᠤ᠂ ᠳᠥᠭᠦᠮᠴᠢᠯᠡᠨ ᠡᠵᠡᠩᠨᠡᠬᠦ ᠪᠠᠷ | ᠭᠤᠤᠯᠳᠠᠯᠭ᠎ᠠ ᠪᠣᠯᠭᠠᠵᠤ᠂ ᠦᠢᠯᠡᠴᠢᠯᠡᠭᠡᠨ ᠤ ᠶᠠᠰᠤ ᠴᠢᠨᠠᠷ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠬᠤᠨᠤᠭ | ᠪᠠ ᠢᠳᠡᠭᠡᠨ ᠤᠮᠳᠠᠭᠠᠨ ᠤ ᠦᠢᠯᠡᠰ ᠤᠨ ᠰᠢᠯᠢᠳᠡᠭᠵᠢᠨ ᠲᠠᠰ ᠳᠡᠪᠰᠢᠬᠦ ᠶᠢ ᠠᠬᠢᠭᠤᠯᠤᠨ᠎ᠠ᠃ ᠪᠡᠶ᠎ᠡ ᠪᠠᠨ | ᠳᠠᠭᠠᠭᠠᠭᠰᠠᠨ ᠨᠠᠷᠠᠲᠤ ᠲᠥᠷᠥᠯ ᠲᠡᠮᠳᠡᠭᠲᠦ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢᠶᠠᠨ ᠥᠷᠭᠡᠳᠬᠡᠵᠦ᠂ ︽ | ᠦᠬᠠᠶ ᠶᠢᠨ ᠪᠡᠯᠡᠭ︾ ᠬᠡᠬᠦ ᠣᠷᠣᠨ ᠪᠦᠰᠡ ᠶᠢᠨ ᠣᠯᠠᠨ ᠨᠡᠶᠢᠲᠡ ᠶᠢᠨ ᠨᠠᠷᠠᠲᠤ ᠲᠥᠷᠥᠯ ᠲᠡᠮᠳᠡᠭᠲᠦ ᠶᠢ | ᠪᠤᠶᠢᠵᠢᠭᠤᠯᠤᠨ᠂ ︽ᠦᠬᠠᠶ ᠶᠢᠨ ᠬᠠᠭᠤᠴᠢᠨ ᠨᠠᠷᠠᠲᠤ ᠲᠥᠷᠥᠯ ᠲᠡᠮᠳᠡᠭᠲᠦ︾ ᠶᠢ ᠦᠨᠡᠮᠰᠢᠬᠦ ᠪᠠ ︽ᠨᠠᠢᠮᠠᠨ ᠵᠤᠪᠬᠢᠰ | ᠤᠨ ᠦᠨᠦᠷ ᠠᠮᠳᠠ ᠦᠬᠠᠶ ᠳᠤ︾ ᠬᠡᠬᠦ ᠣᠨᠴᠠᠯᠢᠭᠲᠤ ᠠᠮᠲᠠᠲᠤ ᠢᠳᠡᠭᠡᠨ ︵ᠳᠡᠯᠭᠡᠭᠦᠷ︶ ᠢ ᠰᠢᠯᠭᠠᠷᠠᠭᠤᠯᠬᠤ ᠪᠠ | ᠳᠡᠯᠭᠡᠷᠡᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠢᠭᠡᠨᠲᠡ ᠦᠨᠡᠮᠰᠢᠭᠰᠡᠨ ᠪᠠ ᠰᠢᠯᠭᠠᠷᠠᠭᠤᠯᠤᠭᠰᠠᠨ ᠠᠵᠤ | ᠠᠬᠤᠶᠢᠯᠠᠯ ᠤᠨ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠵᠣᠷᠢᠭᠵᠢᠭᠤᠯᠤᠨ᠂ ᠨᠥᠬᠦᠴᠡᠯ ᠳᠤ | ᠨᠡᠶᠢᠴᠡᠬᠦ ᠠᠵᠤ ᠠᠬᠤᠶᠢᠯᠠᠯ ᠢ ᠪᠤᠶᠢᠵᠢᠭᠤᠯᠤᠨ ᠬᠥᠭᠵᠢᠭᠦᠯᠵᠦ ︽ᠥᠪᠥᠷ ᠮᠣᠩᠭᠤᠯ ᠤᠨ ᠬᠠᠭᠤᠴᠢᠨ ᠨᠠᠷᠠᠲᠤ | ᠲᠥᠷᠥᠯ ᠲᠡᠮᠳᠡᠭᠲᠦ︾ ᠶᠢ ᠡᠭᠦᠳᠬᠦ ᠪᠠᠷ ᠴᠢᠷᠮᠠᠶᠢᠨ᠎ᠠ᠃ ᠬᠡᠷᠡᠭᠯᠡᠭᠡ ᠶᠢ ᠠᠬᠢᠭᠤᠯᠬᠤ ᠤᠯᠠᠮᠵᠢᠯᠠᠯᠲᠤ ᠠᠵᠢᠯᠯᠠᠭ᠎ᠠ ᠶᠢ | ᠥᠷᠨᠢᠭᠦᠯᠵᠦ᠂ ᠢᠳᠡᠵᠦ ᠡᠮᠦᠰᠬᠦ ᠶᠠᠪᠤᠵᠤ ᠰᠠᠭᠤᠬᠤ ᠣᠯᠠᠨ ᠬᠦᠷᠢᠶ᠎ᠡ ᠴᠠᠷᠠᠭ᠎ᠠ ᠶᠢ ᠬᠠᠮᠤᠷᠤᠭᠰᠠᠨ᠂ ᠬᠥᠮᠦᠰ ᠤᠨ | ᠬᠦᠷᠢᠶᠡᠯᠡᠯ ᠢ ᠲᠥᠪᠯᠡᠷᠡᠭᠦᠯᠦᠭᠰᠡᠨ ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ ᠶᠢᠨ ᠲᠠᠪᠴᠠᠩ ᠢ ᠬᠦᠴᠦᠯᠡᠨ ᠪᠣᠶ | ᠪᠣᠯᠭᠠᠵᠤ᠂ ︽ᠦᠬᠠᠶ ᠳᠤ ᠪᠤᠯᠵᠤᠬᠤ︾ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠪᠠᠷ ᠭᠠᠷᠳᠠᠴᠠ ᠪᠣᠯᠭᠠᠵᠤ᠂ | ᠳᠥᠷᠪᠡᠨ ᠤᠯᠠᠷᠢᠯ ᠤᠨ ᠬᠡᠷᠡᠭᠯᠡᠭᠡ ᠶᠢᠨ ᠣᠨᠴᠠᠯᠢᠭ ᠪᠠ ᠪᠠᠶᠠᠷ ᠳᠤᠷᠠᠰᠬᠠᠯ ᠤᠨ ᠬᠡᠷᠡᠭᠯᠡᠭᠡ ᠶᠢᠨ ᠬᠠᠯᠠᠮᠰᠢᠯ ᠴᠢᠭ ᠢ | ᠡᠵᠡᠮᠳᠡᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠠᠭᠤᠰᠤᠯᠴᠠᠭᠤᠯᠤᠭᠰᠠᠨ | ᠬᠡᠷᠡᠭᠯᠡᠭᠡ ᠶᠢ ᠠᠬᠢᠭᠤᠯᠬᠤ ᠡᠯ᠎ᠡ ᠲᠥᠷᠥᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠬᠡᠷᠡᠭᠯᠡᠭᠡ ᠶᠢᠨ | ᠦᠷᠭᠦᠯᠵᠢᠯᠡᠬᠦ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ | 3. ︽ᠨᠢᠭᠡ ᠨᠠᠰᠤᠲᠠᠨ ᠨᠢᠭᠡ ᠬᠡᠦᠭᠡᠳ︾ ᠤᠨ ᠢᠨᠵᠧᠨᠧᠷᠢᠩ᠃ ︽ᠨᠢᠭᠡ ᠨᠠᠰᠤᠲᠠᠨ ᠨᠢᠭᠡ ᠬᠡᠦᠬᠡᠳ︾ | ᠤᠨ ᠪᠠᠴᠢᠮ ᠬᠦᠴᠢᠷ ᠵᠤᠪᠠᠨᠢᠯ ᠡᠷᠡᠮᠡᠯᠵᠡᠯ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠰᠤᠵᠢᠯ ᠤᠨ | ᠠᠰᠠᠷᠠᠮᠵᠢ ᠬᠡᠦᠬᠡᠳ ᠰᠠᠭᠠᠲᠠᠭᠤᠯᠬᠤ ᠬᠥᠮᠦᠵᠢᠯ ᠤᠨ ᠪᠦᠲᠦᠮᠵᠢᠲᠡᠢ ᠬᠠᠩᠭᠠᠯᠭ᠎ᠠ ᠪᠠ ᠦᠢᠯᠡᠴᠢᠯᠡᠭᠡᠨ ᠤ ᠶᠠᠰᠤ ᠴᠢᠨᠠᠷ | ᠢᠶᠠᠨ ᠥᠷᠭᠡᠳᠬᠡᠨ ᠳᠡᠭᠡᠭᠰᠢᠯᠡᠭᠦᠯᠦᠨ᠎ᠡ᠃ ᠡᠷᠡᠭᠦᠯ ᠮᠡᠨᠳᠦ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠲᠠᠯ᠎ᠠ ᠪᠠᠷ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ︽ᠬᠦᠴᠢᠷ ᠠᠰᠠᠭᠤᠳᠠᠯ︾ ︽ᠡᠪᠡᠷᠰᠢᠶᠡᠯ ᠲᠠᠢ | ᠭᠠᠵᠠᠷ︾ ︽ᠲᠦᠭᠵᠢᠷᠡᠯ ᠲᠠᠢ ᠭᠠᠵᠠᠷ︾ ᠢ ᠬᠦᠴᠦᠯᠡᠨ ᠰᠢᠢᠳᠪᠦᠷᠢᠯᠡᠵᠦ᠂ ᠬᠡᠷ ᠲᠡᠭᠡᠨ ᠰᠠᠭᠤᠬᠤ ᠨᠡᠶᠢᠭᠡᠮ | ᠲᠣᠭᠤᠷᠢᠭ ᠪᠠᠶᠢᠭᠤᠯᠤᠮᠵᠢ ᠬᠠᠷᠢᠯᠴᠠᠨ ᠵᠣᠬᠢᠴᠠᠯᠳᠤᠭᠰᠠᠨ᠂ ᠡᠮᠴᠢᠯᠡᠭᠡ ᠪᠠᠷ ᠠᠰᠠᠷᠠᠬᠤ ᠡᠷᠡᠭᠦᠯᠵᠢᠯ ᠢᠶᠠᠷ | ᠠᠰᠠᠷᠠᠬᠤ ᠶᠢ ᠤᠶᠠᠯᠳᠤᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠪᠠᠨ ᠲᠠᠰᠤᠷᠠᠯᠲᠠ | ᠥᠬᠡᠶ ᠲᠡᠭᠦᠯᠳᠡᠷᠵᠢᠭᠦᠯᠵᠦ᠂ ︽1+3+N︾ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠠᠭᠪᠤᠷ ᠢ | ᠲᠦᠷᠭᠡᠳᠬᠡᠨ ᠪᠣᠶ ᠪᠣᠯᠭᠠᠨ᠎ᠠ᠃ ᠬᠤᠳᠠ ᠶᠢᠨ ᠢ ᠶᠠᠩ ᠡᠷᠡᠭᠦᠯᠵᠢᠯ ᠤᠨ ᠲᠥᠪ᠂ ᠬᠠᠶᠢᠷᠤᠪ ᠤᠨ ᠲᠤᠬᠤᠢ | ᠲᠣᠭᠤᠷᠢᠭ ᠤᠨ ᠢ ᠡᡁᠧ ᠨᠠᠰᠤᠲᠠᠶᠢᠴᠤᠳ ᠤᠨ ᠨᠡᠶᠢᠲᠡ ᠶᠢᠨ ᠪᠠᠶᠢᠷᠢ᠂ ᠬᠠᠶᠢᠨᠠᠨ ᠲᠣᠭᠤᠷᠢᠭ ᠤᠨ ᠠᠷᠠᠳ ᠤᠨ | ᠡᠮᠨᠡᠯᠭᠡ ᠶᠢᠨ ᠬᠤᠷᠢᠶ᠎ᠠ ᠵᠡᠷᠭᠡ ᠲᠦᠷᠦᠯ ᠵᠦᠢᠯ ᠤᠨ ᠡᠮᠴᠢᠯᠡᠭᠡ ᠠᠰᠠᠷᠠᠬᠤ ᠶᠢ ᠤᠶᠠᠯᠳᠤᠭᠤᠯᠤᠭᠰᠠᠨ ᠦᠢᠯᠡᠴᠢᠯᠡᠭᠡᠨ ᠤ | ᠴᠢᠳᠠᠪᠬᠢ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠬᠦ ᠶᠢ ᠠᠬᠢᠭᠤᠯᠵᠤ᠂ ᠡᠯ᠎ᠡ ᠲᠦᠷᠦᠯ ᠤᠨ ᠨᠡᠶᠢᠭᠡᠮ | ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠥᠬᠦᠭᠡᠷᠦᠮᠵᠢ ᠶᠢ ᠰᠢᠨ᠎ᠡ ᠪᠠᠷ 44 ᠪᠠᠶᠢᠭᠤᠯᠵᠤ᠂ ᠨᠠᠰᠤᠵᠢᠯ ᠤᠨ | ᠦᠢᠯᠡᠴᠢᠯᠡᠭᠡᠨ ᠤ ᠣᠷᠣ ᠶᠢ ᠰᠢᠨ᠎ᠡ ᠪᠠᠷ 381 ᠨᠡᠮᠡᠭᠳᠡᠭᠦᠯᠵᠦ᠂ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ | ᠵᠢᠵᠢᠭ ᠲᠣᠭᠤᠷᠢᠭ ᠤᠨ ᠢᠵᠢ ᠪᠦᠷᠢᠳᠦᠭᠦᠯᠦᠨ ᠪᠠᠶᠢᠭᠤᠯᠤᠭᠰᠠᠨ ᠨᠠᠰᠤᠵᠢᠯ ᠤᠨ ᠦᠢᠯᠡᠴᠢᠯᠡᠭᠡᠨ ᠤ | ᠲᠥᠬᠦᠭᠡᠷᠦᠮᠵᠢ ᠶᠢᠨ ᠪᠠᠷᠢᠮᠵᠢᠶ᠎ᠠ ᠳᠤ ᠬᠦᠷᠦᠭᠰᠡᠨ ᠨᠤᠷᠮ᠎ᠠ ᠶᠢ 100% ᠳᠤ ᠬᠦᠷᠭᠡᠨ᠎ᠡ᠃ ᠬᠦᠴᠢᠷᠳᠡᠯᠲᠡᠶ | ᠨᠠᠰᠤᠲᠠᠶᠢᠴᠤᠳ ᠤᠨ ᠬᠡᠷ ᠪᠦᠯᠢ ᠶᠢᠨ ᠨᠠᠰᠤᠵᠢᠯᠲᠠ ᠳᠤ ᠳᠣᠭᠢᠷᠠᠬᠤ ᠥᠭᠡᠷᠡᠴᠢᠯᠡᠯᠲᠡ ᠶᠢ ᠬᠡᠷᠡᠭᠵᠢᠭᠦᠯᠵᠦ᠂ 500 | ᠡᠷᠦᠬᠡ ᠶᠢ ᠥᠭᠡᠷᠡᠴᠢᠯᠡᠬᠦ ᠠᠵᠢᠯ ᠢ ᠪᠡᠶᠡᠯᠡᠬᠦᠯᠦᠨ᠎ᠡ᠃ ᠨᠢᠭᠡ ᠮᠦᠴᠡᠲᠤ ᠡᠷᠡᠭᠦᠯ ᠮᠡᠨᠳᠦ ᠶᠢᠨ ᠡᠮᠴᠢᠯᠡᠭᠡᠨ ᠤ | ᠦᠢᠯᠡᠴᠢᠯᠡᠭᠡᠨ ᠤ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠥᠷᠨᠢᠭᠦᠯᠵᠦ᠂ ᠨᠡᠶᠢᠭᠡᠮ | ᠲᠣᠭᠤᠷᠢᠭ ᠤᠨ ᠦᠢᠯᠡᠴᠢᠯᠡᠭᠡᠨ ᠤ ᠲᠣᠬᠢᠷᠠᠭᠤᠯᠤᠯᠲᠠ ᠪᠠᠨ ᠲᠠᠰᠤᠷᠠᠯᠲᠠ ᠥᠬᠡᠶ ᠰᠢᠯᠢᠳᠡᠭᠵᠢᠭᠦᠯᠦᠨ᠂ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠪᠠᠷᠢᠮᠵᠢᠶᠠᠵᠢᠭᠤᠯᠬᠤ ᠪᠥᠲᠥᠭᠡᠨ | ᠪᠠᠶᠢᠭᠤᠯᠤᠯᠲᠠ ᠶᠢ ᠦᠷᠭᠦᠯᠵᠢᠯᠡᠨ ᠥᠷᠨᠢᠭᠦᠯᠵᠦ᠂ ᠠᠮᠢᠳᠤᠷᠠᠯ ᠤᠨ ᠲᠣᠭᠤᠷᠢᠭ ᠪᠦᠷᠢ ᠳᠤ 15 ᠮᠢᠨᠦ᠋ᠲ ᠤᠨ | ᠳᠣᠲᠣᠷ᠎ᠠ ᠬᠦᠷᠬᠦ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠪᠤᠶᠤ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ ᠶᠢ 1 ᠠᠴᠠ ᠳᠤᠲᠠᠭᠤ ᠥᠬᠡᠶ ᠪᠠᠶᠢᠯᠭᠠᠨ᠎ᠠ᠃ | ᠨᠠᠶᠢᠳᠠᠨ ᠬᠥᠮᠦᠵᠢᠭᠦᠯᠬᠦ ᠲᠠᠯ᠎ᠠ ᠪᠠᠷ᠂ ᠳᠤᠲᠠᠭᠤᠳᠠᠯ ᠢᠶᠠᠨ ᠨᠥᠬᠦᠪᠥᠷᠢᠯᠡᠬᠦ᠂ ᠪᠠᠭᠤᠷᠠᠢ ᠪᠠᠨ ᠬᠦᠴᠦᠷᠬᠡᠭᠵᠢᠭᠦᠯᠬᠦ᠂ | ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠪᠠᠷᠢᠮᠲᠠᠯᠠᠵᠤ᠂ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ | ᠦᠢᠯᠡᠴᠢᠯᠡᠭᠡᠨ ᠤ ᠡᠬᠢ ᠪᠠᠶᠠᠯᠢᠭ ᠤᠨ ᠲᠤᠬᠢᠷᠠᠭᠤᠯᠤᠯᠳᠠ ᠶᠢ ᠵᠦᠢ ᠵᠣᠬᠢᠰᠲᠠᠢ ᠪᠣᠯᠭᠠᠵᠤ᠂ ᠲᠦᠷᠢᠮ ᠤᠨ | ᠪᠠᠲᠤᠯᠠᠭ᠎ᠠ ᠶᠢᠨ ᠰᠢᠰᠲ᠋ᠧᠮ ᠢᠶᠠᠨ ᠤᠯᠠᠮ ᠴᠢᠨᠠᠭᠰᠢᠳᠠ ᠪᠦᠷᠢᠨᠰᠢᠬᠦᠯᠬᠦ ᠬᠡᠷᠡᠭᠲᠡᠢ᠃ ︽ᠦᠬᠠᠶ ᠬᠤᠲᠠ ᠶᠢᠨ 3 | ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠠᠵᠢᠯ ᠢ ᠬᠥᠭᠵᠢᠭᠦᠯᠬᠦ | ᠲᠤᠬᠠᠢ ᠬᠡᠷᠡᠭᠵᠢᠭᠦᠯᠬᠦ ᠲᠥᠰᠦᠯ︾ ᠢ ᠨᠠᠶᠢᠷᠠᠭᠤᠯᠤᠨ ᠵᠣᠬᠢᠶᠠᠵᠤ᠂ ᠬᠡᠷ ᠪᠦᠯᠢ ᠶᠢᠨ ᠨᠢᠯᠬ᠎ᠠ ᠬᠡᠤᠬᠡᠳ ᠤᠨ ᠠᠩᠬᠠᠨ ᠤ | ᠬᠤᠭᠤᠴᠠᠭᠠᠨ ᠤ ᠬᠥᠭᠵᠢᠯᠲᠡ ᠶᠢᠨ ᠵᠢᠯᠣᠭᠤᠳᠣᠯᠭ᠎ᠠ ᠶᠢ ᠥᠷᠨᠢᠭᠦᠯᠵᠦ᠂ ᠨᠢᠯᠬ᠎ᠠ ᠬᠡᠤᠬᠡᠳ ᠢ ᠬᠠᠷᠠᠭᠠᠯᠵᠠᠨ ᠠᠰᠠᠷᠠᠬᠤ | ᠦᠢᠯᠡᠴᠢᠯᠡᠭᠡᠨ ᠤ ᠪᠠᠶᠢᠭᠤᠯᠤᠮᠵᠢ ᠶᠢᠨ ᠵᠢᠱᠢᠶ᠎ᠡ ᠦᠵᠡᠭᠦᠯᠬᠦ ᠴᠢᠭ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ | ᠦᠬᠠᠶ ᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠶᠢᠨ ᠡᠬᠡ ᠨᠢᠯᠬᠠᠰ ᠢ ᠠᠰᠠᠷᠠᠨ ᠰᠤᠪᠢᠯᠠᠬᠤ | ᠦᠢᠯᠡᠴᠢᠯᠡᠭᠡᠨ ᠤ ᠲᠥᠪ᠂ ᠬᠠᠶᠢᠷᠤᠪ ᠤᠨ ᠲᠣᠬᠤᠶ ᠲᠣᠭᠤᠷᠢᠭ ᠤᠨ ᠳ᠋ᠦᠩ ᠹᠠᠩ ᠬᠤᠩ ᠬᠡᠤᠬᠡᠳ ᠤᠨ ᠴᠡᠴᠡᠷᠯᠢᠭ ︵ | ᠶᠡᠷᠦᠩᠬᠡᠶ ᠴᠡᠴᠡᠷᠯᠢᠭ︶ ᠤᠨ ᠬᠤᠶᠠᠳᠤᠭᠠᠷ ᠬᠤᠭᠤᠴᠠᠭ᠎ᠠ᠂ ᠦᠬᠠᠶ ᠬᠤᠲᠠ ᠶᠢᠨ ᠬᠡᠤᠬᠡᠳ ᠤᠨ ᠠᠰᠠᠷᠠᠮᠵᠢ ᠶᠢᠨ | ᠬᠦᠷᠢᠶᠡᠯᠡᠩ ᠢ ᠥᠭᠡᠷᠡᠴᠢᠯᠡᠬᠦ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠨᠢᠯᠬ᠎ᠠ ᠬᠡᠤᠬᠡᠳ ᠢ ᠬᠠᠷᠠᠭᠠᠯᠵᠠᠨ | ᠠᠰᠠᠷᠠᠬᠤ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠠᠯᠬᠤᠮ ᠠᠯᠬᠤᠮ ᠢᠶᠠᠷ ᠳᠡᠭᠡᠭᠰᠢᠯᠡᠭᠦᠯᠬᠦ ᠶᠢ ᠠᠬᠢᠭᠤᠯᠤᠨ᠎ᠠ᠃ ︵ | ᠬᠠᠷᠢᠭᠤᠴᠠᠯᠭᠠᠲᠤ ᠨᠢᠭᠡᠴᠡ᠄ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ | ᠶᠠᠪᠤᠳᠠᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 4. ᠬᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ᠃ ︽ᠣᠷᠣᠨ ᠰᠠᠭᠤᠴᠠ ᠶᠢ ᠰᠠᠷᠢᠭᠠᠯᠠᠬᠤ ᠦᠭᠡᠢ︾ | ᠪᠠᠶᠢᠬᠤ ᠱᠠᠭᠠᠷᠳᠠᠯᠭ᠎ᠠ ᠶᠢ ᠡᠷᠡᠰ ᠲᠤᠤᠱᠯᠠᠭᠤᠯᠵᠤ᠂ ᠤᠯᠠᠨ ᠪᠡᠶᠡᠴᠢ ᠴᠣᠭᠴᠠ ᠠᠴᠠ ᠬᠠᠩᠭᠠᠬᠤ᠂ ᠤᠯᠠᠨ ᠠᠷᠭ᠎ᠠ | ᠵᠠᠮ ᠢᠶᠠᠷ ᠪᠠᠲᠤᠯᠠᠬᠤ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ ᠣᠷᠣᠨ | ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠬᠤᠳᠠ ᠪᠠᠯᠭᠠᠰᠤᠨ ᠤ ᠰᠠᠭᠤᠭᠠᠯᠢ | ᠠᠷᠠᠳ ᠤᠨ ᠤᠯᠠᠨ ᠲᠡᠰ ᠳᠠᠪᠬᠤᠷᠭ᠎ᠠ ᠶᠢᠨ ᠣᠷᠣᠨ ᠰᠠᠭᠤᠴᠠ ᠶᠢᠨ ᠬᠡᠷᠡᠭᠴᠡᠭᠡ ᠶᠢ ᠬᠠᠩᠭᠠᠨ᠎ᠠ᠃ ᠪᠢᠨ ᠾᠧ ᠶᠢᠨ | ᠬᠤᠶᠠᠳᠤᠭᠠᠷ ᠬᠤᠭᠤᠴᠠᠭᠠᠨ ᠤ ᠨᠡᠭᠡᠭᠡᠨ ᠬᠦᠭᠵᠢᠬᠦᠯᠬᠦ ᠪᠥᠲᠥᠭᠡᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ | ᠪᠣᠳᠠᠲᠤ ᠬᠦᠴᠦᠨ ᠢᠶᠠᠷ ᠴᠢᠩᠭ᠎ᠠ᠂ ᠢᠲᠡᠭᠡᠯ ᠬᠦᠨᠳᠦ ᠪᠠᠷ ᠰᠠᠶᠢᠨ ᠲᠣᠮᠣ ᠬᠡᠯᠪᠡᠷᠢ ᠶᠢᠨ ᠬᠡᠷ ᠪᠠᠶᠢᠰᠢᠩ ᠭᠠᠵᠠᠷ | ᠬᠥᠷᠥᠩᠭᠡ ᠶᠢᠨ ᠨᠡᠭᠡᠭᠡᠯᠳᠡ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠣᠷᠴᠢᠨ ᠲᠣᠭᠤᠷᠢᠨ ᠭᠤᠶᠢᠳᠠ | ᠰᠠᠶᠢᠬᠠᠨ᠂ ᠤᠶᠤᠨᠴᠢᠯᠠᠭᠰᠠᠨ ᠬᠡᠮᠵᠢᠶ᠎ᠡ ᠪᠠᠷ ᠥᠨᠳᠥᠷ᠂ ᠠᠳᠠᠯ ᠠᠬᠤᠶ ᠶᠢᠨ ᠦᠢᠯᠡᠴᠢᠯᠡᠭᠡ ᠪᠠᠷ ᠰᠠᠶᠢᠨ ᠳᠤᠮᠳᠠ | ᠳᠡᠭᠡᠳᠦ ᠲᠠᠰ ᠤᠨ ᠰᠠᠶᠢᠵᠢᠷᠠᠭᠤᠯᠤᠭᠰᠠᠨ ᠬᠡᠯᠪᠡᠷᠢ ᠶᠢᠨ ᠣᠷᠣᠨ ᠰᠠᠭᠤᠴᠠ ᠶᠢᠨ ᠵᠢᠵᠢᠭ ᠲᠣᠭᠤᠷᠢᠭ ᠢ ᠪᠠᠶᠢᠭᠤᠯᠤᠨ᠎ᠠ᠃ | 192 ᠢᠵᠢ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠠᠵᠢᠯ ᠡᠬᠢᠯᠡᠭᠦᠯᠦᠨ ᠪᠦᠳᠦᠭᠡᠨ | ᠪᠠᠶᠢᠭᠤᠯᠵᠤ᠂ 59 ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠵᠤ᠂ 6670 ᠡᠷᠦᠬᠡ ᠳᠤ ᠠᠰᠢᠭ | ᠬᠦᠷᠳᠡᠭᠡᠨ᠎ᠡ᠃ ︽ᠦᠬᠠᠶ ᠬᠤᠲᠠ ᠶᠢᠨ ᠣᠷᠣᠨ ᠰᠠᠭᠤᠴᠠ ᠶᠢᠨ ᠠᠳᠠᠯ ᠠᠬᠤᠶ ᠶᠢᠨ ᠬᠠᠮᠢᠶᠠᠷᠤᠯᠲᠠ ᠶᠢᠨ ᠲᠦᠷᠢᠮ ︵ | ᠲᠥᠰᠦᠯ︶︾ ᠢ ᠲᠣᠭᠲᠠᠭᠠᠵᠤ᠂ ︽ᠦᠬᠠᠶ ᠬᠤᠲᠠ ᠶᠢᠨ ᠠᠳᠠᠯ ᠠᠬᠤᠶ ᠶᠢᠨ ᠦᠢᠯᠡᠴᠢᠯᠡᠭᠡᠨ ᠤ ᠠᠵᠤ | ᠠᠬᠤᠶᠢᠯᠠᠯ ᠤᠨ ᠢᠲᠡᠭᠡᠮᠵᠢ ᠶᠢᠨ ᠦᠨᠡᠯᠡᠯᠲᠡ ᠶᠢᠨ ᠬᠠᠮᠢᠶᠠᠷᠤᠯᠲᠠ ᠶᠢᠨ ᠠᠷᠭ᠎ᠠ︾ ᠶᠢ ᠲᠡᠭᠦᠯᠳᠡᠷᠵᠢᠭᠦᠯᠦᠨ᠂ ᠠᠳᠠᠯ | ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠠᠳᠠᠯ ᠠᠬᠤᠶ ᠶᠢᠨ | ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠲᠠᠪᠴᠠᠩ ᠢᠶᠠᠷ ᠳᠠᠮᠵᠢᠭᠤᠯᠤᠨ ᠵᠠᠬᠢᠶᠠᠯᠠᠨ ᠦᠢᠯᠡᠳᠦᠭᠰᠡᠨ | ᠦᠢᠯᠡᠳᠬᠦᠨ ᠪᠠ ᠥᠪᠡᠷᠮᠢᠴᠡ ᠦᠢᠯᠡᠴᠢᠯᠡᠭᠡ ᠬᠠᠩᠭᠠᠨ᠎ᠠ᠃ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ | ᠳᠡᠯᠭᠡᠭᠦᠷ ᠤᠨ ᠡᠮᠬᠢ ᠳᠢᠭᠯᠢᠮ ᠢ ᠦᠷᠭᠦᠯᠵᠢᠯᠡᠨ ᠴᠡᠭᠴᠡᠯᠡᠨ ᠵᠢᠷᠤᠮᠵᠢᠭᠤᠯᠵᠤ᠂ ︽ᠬᠡᠷ ᠪᠠᠶᠢᠰᠢᠩ ᠭᠠᠵᠠᠷ | ᠬᠥᠷᠥᠩᠭᠡ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠦᠷᠭᠦᠯᠵᠢᠯᠡᠨ ᠴᠡᠭᠴᠡᠯᠡᠨ ᠵᠢᠷᠤᠮᠵᠢᠭᠤᠯᠬᠤ ᠶᠢᠨ | ᠬᠡᠷᠡᠭᠵᠢᠭᠦᠯᠬᠦ ᠲᠥᠰᠦᠯ︾ ᠢ ᠲᠣᠭᠲᠠᠭᠠᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠡᠷᠦᠶ | ᠬᠤᠷᠤᠶ ᠥᠬᠡᠶ ᠦᠵᠡᠭᠳᠡᠯ ᠢ ᠵᠠᠰᠠᠬᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠨ᠂ | ᠬᠡᠷ ᠪᠠᠶᠢᠰᠢᠩ ᠭᠠᠵᠠᠷ ᠬᠥᠷᠥᠩᠭᠡ ᠶᠢᠨ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠦᠷᠭᠡᠪᠴᠢᠯᠡᠨ | ᠰᠢᠢᠳᠪᠦᠷᠢᠯᠡᠨ᠎ᠡ᠃ ︽ᠤᠶᠤᠨᠲᠤ ᠵᠢᠵᠢᠭ ᠲᠣᠭᠤᠷᠢᠭ︾ ᠤᠨ ᠪᠥᠲᠥᠭᠡᠨ ᠪᠠᠶᠢᠭᠤᠯᠤᠯᠲᠠ ᠪᠠᠨ ᠲᠦᠷᠭᠡᠳᠬᠡᠵᠦ᠂ | ᠪᠥᠬᠦ ᠬᠤᠲᠠ ᠶᠢᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠲᠣᠭᠠᠴᠢᠯᠠᠬᠤ᠂ ᠣᠶᠤᠨᠴᠢᠯᠠᠬᠤ ᠬᠢᠷᠢ ᠬᠡᠮᠵᠢᠶ᠎ᠡ | ᠪᠠᠨ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︶ | ︵ᠬᠤᠶᠠᠷ︶ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠲᠦᠷᠭᠡᠨ ᠬᠥᠭᠵᠢᠯᠲᠡ ᠶᠢ | ᠠᠬᠢᠭᠤᠯᠤᠨ᠎ᠠ | 5. ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ᠃ ᠥᠪᠡᠷᠲᠡᠭᠡᠨ ᠵᠠᠰᠠᠬᠤ ᠣᠷᠣᠨ ᠤ | ᠨᠡᠶᠢᠲᠡᠯᠡᠭᠰᠡᠨ ᠪᠠᠷᠠᠭᠠᠨ ᠤ ᠬᠦᠢᠯᠭᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠠᠯᠢ ᠣᠯᠠᠨ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠣᠶᠤᠨᠴᠢ ᠪᠠᠷᠠᠭᠠᠨ ᠤ ᠬᠦᠢᠯᠭᠡᠭᠡᠨ᠂ ᠪᠠᠷᠠᠭᠠᠨ ᠤ ᠬᠦᠢᠯᠭᠡᠭᠡᠨ ᠤ ᠰᠠᠭᠤᠷᠢ | ᠪᠡᠯᠡᠳᠬᠡᠮᠵᠢ᠂ ᠬᠦᠯᠳᠡᠬᠦᠦ ᠬᠡᠯᠬᠢᠶ᠎ᠡ᠂ ᠠᠮᠤ ᠪᠤᠳᠠᠭ᠎ᠠ ᠬᠥᠮᠥᠷᠭᠡᠯᠡᠨ ᠬᠠᠳᠠᠭᠠᠯᠠᠬᠤ ᠵᠡᠷᠭᠡ ᠬᠦᠷᠢᠶ᠎ᠡ ᠴᠠᠷᠠᠭ᠎ᠠ ᠶᠢᠨ | ᠲᠣᠭᠤᠷᠢᠨ ᠳᠤ ᠨᠢᠭᠡ ᠪᠦᠯᠦᠭ ᠲᠥᠷᠥᠯ ᠵᠦᠢᠯ ᠢ ᠤᠬᠠᠭᠠᠯᠠᠨ ᠨᠥᠭᠡᠴᠡᠯᠡᠵᠦ᠂ ᠪᠠᠷᠠᠭᠠᠨ ᠤ ᠬᠦᠢᠯᠭᠡᠭᠡᠨ ᠤ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠳᠤᠲᠠᠭᠤᠳᠠᠯ ᠢᠶᠠᠨ ᠨᠥᠬᠦᠪᠥᠷᠢᠯᠡᠨ᠎ᠡ᠃ ᠬᠠᠶᠢᠨᠠᠨ ᠲᠣᠭᠤᠷᠢᠭ ᠤᠨ | ᠪᠠᠷᠠᠭᠠᠨ ᠤ ᠬᠦᠢᠯᠭᠡᠭᠡᠨ ᠤ ᠬᠦᠷᠢᠶᠡᠯᠡᠩ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠣᠭᠤᠷᠢᠭ ᠪᠠ ᠬᠠᠶᠢᠨᠠᠨ | ᠲᠣᠭᠤᠷᠢᠭ ᠤᠨ ᠦᠢᠯᠡᠳᠪᠦᠷᠢᠯᠡᠯ ᠦᠢᠯᠡᠴᠢᠯᠡᠭᠡᠨ ᠤ ᠬᠡᠯᠪᠡᠷᠢ ᠶᠢᠨ ᠥᠪᠡᠷᠲᠡᠭᠡᠨ ᠵᠠᠰᠠᠬᠤ ᠣᠷᠣᠨ ᠤ ᠲᠠᠰ ᠤᠨ | ᠪᠠᠷᠠᠭᠠᠨ ᠤ ᠬᠦᠢᠯᠭᠡᠭᠡᠨ ᠤ ᠬᠦᠢᠰᠣ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠦᠢᠰᠦ᠂ | ᠰᠠᠭᠤᠷᠢᠨ ᠭᠠᠵᠠᠷ ᠤᠨ ᠡᠷᠴᠢᠮᠵᠢᠭᠦᠯᠦᠭᠰᠡᠨ ᠳᠣᠭᠢᠷᠠᠭᠤᠯᠤᠨ ᠬᠦᠷᠭᠡᠬᠦ ᠴᠢᠳᠠᠮᠵᠢ ᠪᠠᠨ ᠲᠠᠰᠤᠷᠠᠯᠲᠠ ᠥᠬᠡᠶ | ᠲᠡᠭᠦᠯᠳᠡᠷᠵᠢᠭᠦᠯᠦᠨ᠎ᠡ᠃ ᠪᠠᠷᠠᠭᠠᠨ ᠤ ᠬᠦᠢᠯᠭᠡᠭᠡᠨ ᠤ ᠦᠢᠯᠡᠴᠢᠯᠡᠭᠡᠨ ᠤ ᠲᠤᠰᠬᠠᠶ ᠴᠢᠳᠠᠪᠤᠷᠢ ᠪᠠᠨ ᠬᠦᠴᠦᠯᠡᠨ | ᠳᠡᠭᠡᠭᠰᠢᠯᠡᠭᠦᠯᠵᠦ᠂ ᠪᠠᠷᠠᠭᠠᠨ ᠤ ᠬᠦᠢᠯᠭᠡᠭᠡᠨ ᠤ ᠠᠵᠤ ᠠᠬᠤᠶᠢᠯᠠᠯ ᠬᠢᠭᠡᠳ ᠦᠢᠯᠡᠳᠪᠦᠷᠢᠯᠡᠯ ᠤᠨ ᠠᠵᠤ | ᠠᠬᠤᠶᠢᠯᠠᠯ ᠤᠨ ᠬᠠᠮᠲᠤᠷᠠᠯᠴᠠᠬᠤ ᠶᠢ ᠵᠣᠷᠢᠭᠵᠢᠭᠤᠯᠤᠨ᠂ ᠬᠠᠩᠭᠠᠯᠭ᠎ᠠ ᠶᠢᠨ ᠬᠡᠯᠬᠢᠶ᠎ᠡ ᠶᠢᠨ ᠬᠠᠮᠵᠢᠯᠴᠠᠬᠤ ᠲᠠᠪᠴᠠᠩ ᠢ | ᠪᠠᠶᠢᠭᠤᠯᠵᠤ᠂ ᠬᠡᠷᠡᠭᠴᠡᠭᠡ᠂ ᠬᠥᠮᠥᠷᠭᠡᠯᠡᠯᠲᠡ ᠪᠠ ᠪᠠᠷᠠᠭᠠᠨ ᠤ ᠬᠦᠢᠯᠭᠡᠭᠡᠨ ᠤ ᠮᠡᠳᠡᠭᠡ ᠵᠠᠩᠭᠢ ᠶᠢ ᠴᠠᠭ ᠲᠤᠬᠠᠶ ᠳᠤᠨᠢ | ᠬᠠᠮᠲᠤᠪᠠᠷ ᠭᠥᠷᠳᠡᠬᠦ ᠶᠢ ᠪᠡᠶᠡᠯᠡᠬᠦᠯᠦᠨ᠎ᠡ᠃ ᠪᠠᠷᠠᠭᠠᠨ ᠤ ᠭᠦᠢᠯᠭᠡᠭᠡ ᠶᠢᠨ ᠪᠣᠬᠢᠷᠲᠤᠯ ᠦᠭᠡᠶ᠂ ᠤᠶᠤᠨᠴᠢᠯᠠᠯᠳᠠ ᠶᠢᠨ | ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠦᠬᠠᠶ ᠶᠢᠨ ᠬᠤᠩ ᠳ᠋ᠠ ᠠᠷᠠᠯᠵᠢᠶᠠᠨ ᠤ ᠲᠥᠪ᠂ ᠮᠧᠶ ᠳ᠋ᠥᠸᠧ ᠳ᠋ᠥᠸᠧ᠂ | ᠬᠥᠬᠡᠬᠤᠲᠠ ᠶᠢᠨ ᠲᠡᠮᠦᠷ ᠵᠠᠮ ᠤᠨ ᠲᠦᠩ ᠵᠧᠦ᠂ ᠿᠤ᠋ ᠢ ᠵᠢᠶᠦ᠋ᠨ ᠵᠧᠩ ᠵᠡᠷᠭᠡ ᠪᠠᠷᠠᠭᠠᠨ ᠤ ᠭᠦᠢᠯᠭᠡᠭᠡᠨ ᠤ | ᠬᠦᠷᠢᠶᠡᠯᠡᠩ ᠤᠨ ᠶᠡᠭᠡ ᠳ᠋ᠠᠶᠢᠲ᠋ᠠ᠂ ᠡᠭᠦᠯᠡᠨ ᠪᠣᠳᠣᠯᠲᠠ᠂ ᠭᠠᠵᠠᠷ ᠵᠦᠢ ᠶᠢᠨ ᠮᠡᠳᠡᠭᠡ ᠵᠠᠩᠭᠢ ᠶᠢᠨ ᠮᠡᠷᠭᠡᠵᠢᠯ ᠵᠡᠷᠭᠡ | ᠪᠠᠷᠠᠭᠠᠨ ᠤ ᠭᠦᠢᠯᠭᠡᠭᠡᠨ ᠤ ᠤᠶᠤᠨᠴᠢᠯᠠᠭᠰᠠᠨ ᠬᠠᠮᠢᠶᠠᠷᠤᠯᠲᠠ ᠶᠢᠨ ᠮᠡᠷᠭᠡᠵᠢᠯ ᠢ ᠬᠡᠷᠡᠭᠯᠡᠬᠦ ᠶᠢ ᠵᠣᠷᠢᠭᠵᠢᠭᠤᠯᠤᠨ᠎ᠠ᠃ | ᠡᠯᠧᠺᠲᠷᠣᠨ ᠲᠡᠭᠡᠭᠡᠪᠦᠷᠢ ᠶᠢᠨ ᠬᠠᠭᠤᠳᠠᠰᠤ᠂ ᠵᠢᠯᠣᠭᠤᠴᠢ ᠥᠬᠡᠶ ᠨᠢᠰᠬᠡᠯ᠂ ᠵᠢᠯᠣᠭᠤᠴᠢ ᠥᠬᠡᠶ ᠲᠡᠷᠭᠡ ᠵᠡᠷᠭᠡ | ᠤᠶᠤᠨᠴᠢᠯᠠᠭᠰᠠᠨ ᠲᠣᠨᠤᠭ ᠲᠥᠬᠦᠭᠡᠷᠦᠮᠵᠢ ᠶᠢ ᠲᠦᠭᠡᠮᠡᠯᠵᠢᠭᠦᠯᠦᠨ ᠬᠡᠷᠡᠭᠯᠡᠬᠦ ᠶᠢ ᠳᠡᠯᠭᠡᠷᠡᠭᠦᠯᠵᠦ᠂ ᠲᠤᠬᠠᠶᠢᠯᠠᠭᠰᠠᠨ | ᠠᠵᠢᠯ ᠢᠶᠠᠨ ᠲᠠᠪᠴᠠᠩᠵᠢᠭᠤᠯᠬᠤ᠂ ᠠᠷᠠᠯᠵᠢᠶ᠎ᠠ ᠶᠢ ᠰᠦᠯᠵᠢᠶᠡᠵᠢᠭᠦᠯᠬᠦ᠂ ᠴᠤᠪᠤᠷᠠᠯ ᠢᠶᠠᠨ ᠪᠠᠷᠢᠮᠵᠢᠶᠠᠵᠢᠭᠤᠯᠬᠤ᠂ | ᠲᠡᠭᠡᠭᠡᠪᠦᠷᠢ ᠶᠢ ᠦᠵᠡᠭᠳᠡᠬᠦ᠋ᠢᠴᠡ ᠪᠣᠯᠭᠠᠬᠤ᠂ ᠬᠠᠮᠢᠶᠠᠷᠤᠨ ᠡᠵᠡᠮᠳᠡᠬᠦ ᠪᠠᠨ ᠲᠣᠭᠠᠴᠢᠯᠠᠬᠤ ᠶᠢ ᠠᠯᠬᠤᠮ ᠠᠯᠬᠤᠮ ᠢᠶᠠᠷ | ᠪᠡᠶᠡᠯᠡᠭᠦᠯᠦᠨ᠎ᠡ᠃ ᠪᠠᠷᠠᠭᠠᠨ ᠤ ᠬᠦᠢᠯᠭᠡᠭᠡᠨ ᠤ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠤᠶᠢᠵᠢᠭᠤᠯᠤᠨ | ᠪᠤᠵᠠᠭᠠᠶᠢᠷᠠᠭᠤᠯᠵᠤ᠂ ᠮᠠᠨ ᠤ ᠬᠤᠲᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠷᠠᠭᠠᠨ ᠤ ᠬᠦᠢᠯᠭᠡᠭᠡᠨ ᠤ ᠠᠵᠤ | ᠠᠬᠤᠶᠢᠯᠠᠯ ᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ ᠦᠨᠡᠯᠡᠨ ᠵᠢᠱᠢᠬᠦ ᠳᠤ ᠣᠷᠣᠯᠴᠠᠭᠤᠯᠵᠤ᠂ ᠮᠠᠨ ᠤ ᠬᠤᠲᠠ ᠶᠢᠨ | A ᠲᠠᠰ ᠤᠨ ᠪᠠᠷᠠᠭᠠᠨ ᠤ ᠬᠦᠢᠯᠭᠡᠭᠡᠨ ᠤ ᠠᠵᠤ ᠠᠬᠤᠶᠢᠯᠠᠯ ᠤᠨ ᠦᠨᠡᠯᠡᠨ ᠵᠢᠱᠢᠯᠳᠠ ᠶᠢᠨ ᠲᠤᠭ᠎ᠠ ᠪᠠᠨ | ᠨᠡᠮᠡᠭᠳᠡᠭᠦᠯᠦᠨ᠎ᠡ᠃ ᠦᠬᠠᠶ ᠬᠤᠲᠠ ᠶᠢᠨ ᠭᠤᠷᠪᠠᠨ ᠱᠠᠲᠤᠨ ᠤ ᠪᠠᠷᠠᠭᠠᠨ ᠤ ᠬᠦᠢᠯᠭᠡᠭᠡᠨ ᠤ ᠰᠢᠰᠲ᠋ᠧᠮᠵᠢ ᠶᠢᠨ | ᠪᠥᠲᠥᠭᠡᠨ ᠪᠠᠶᠢᠭᠤᠯᠤᠯᠲᠠ ᠶᠢᠨ ᠲᠥᠰᠦᠯ ᠢ ᠲᠣᠭᠲᠠᠭᠠᠵᠤ᠂ ᠲᠦᠮᠡᠨ ᠡᠷᠦᠬᠡ ᠶᠢᠨ ᠬᠤᠳᠠᠯᠳᠤᠨ ᠠᠪᠬᠤ ᠳᠤ ᠬᠢᠯᠪᠠᠷ | ᠵᠢᠮᠢᠰ ᠨᠣᠭᠤᠭ᠎ᠠ ᠶᠢ ᠢᠯᠭᠠᠨ ᠬᠦᠷᠭᠡᠬᠦ ᠲᠥᠪ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠦᠢᠯᠭᠡᠭᠡᠨ ᠤ ︽ᠠᠩᠬᠠᠨ ᠤ ᠨᠢᠭᠡ | ᠺᠢᠯᠣᠮᠧᠲᠷ︾ ᠪᠠ ︽ᠡᠴᠦᠰ ᠤᠨ ᠨᠢᠭᠡ ᠺᠢᠯᠣᠮᠧᠲᠷ︾ ᠢ ᠨᠥᠬᠦᠪᠥᠷᠢᠯᠡᠨ᠎ᠡ᠃ ᠬᠦᠯᠳᠡᠬᠦᠦ ᠬᠡᠯᠭᠢᠶᠠᠨ ᠤ ᠪᠠᠷᠠᠭᠠᠨ ᠤ | ᠬᠦᠢᠯᠭᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠨ᠂ ᠦᠬᠠᠶ ᠶᠢᠨ ᠰᠢᠤᠳᠠᠨ ᠤ ᠬᠤᠪᠢᠶᠠᠷᠢ ᠺᠣᠮᠫᠠᠨᠢ ᠶᠢᠨ | ᠬᠦᠯᠳᠡᠬᠦᠦ ᠬᠡᠯᠭᠢᠶᠠᠨ ᠤ ᠪᠠᠷᠠᠭᠠᠨ ᠤ ᠬᠦᠢᠯᠭᠡᠭᠡᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠠᠬᠢᠭᠤᠯᠵᠤ᠂ | ᠦᠵᠦᠮ᠂ ᠢᠳᠡᠰᠢᠨ ᠨᠣᠭᠤᠭ᠎ᠠ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠢ ᠬᠥᠮᠥᠷᠭᠡᠯᠡᠨ ᠬᠠᠳᠠᠭᠠᠯᠠᠵᠤ ᠰᠢᠨ᠎ᠡ | ᠰᠣᠷᠭᠤᠭ ᠪᠠᠶᠢᠯᠭᠠᠬᠤ ᠬᠦᠯᠳᠡᠬᠦᠦ ᠬᠡᠯᠭᠢᠶᠠᠨ ᠤ ᠪᠠᠷᠠᠭᠠᠨ ᠤ ᠬᠦᠢᠯᠭᠡᠭᠡᠨ ᠤ ︽ᠲᠦᠷᠭᠡᠨ ᠬᠦᠷᠭᠡᠯᠲᠡ ᠶᠢ | ᠲᠣᠰᠬᠤᠨ ᠳᠤ ᠣᠷᠣᠭᠤᠯᠬᠤ︾ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠪᠥᠬᠦ ᠬᠤᠲᠠ ᠶᠢᠨ ᠬᠥᠳᠡᠭᠡ | ᠲᠣᠰᠬᠤᠨ ᠤ ᠲᠦᠷᠭᠡᠨ ᠬᠦᠷᠭᠡᠯᠲᠡ ᠶᠢᠨ ᠪᠠᠷᠠᠭᠠᠨ ᠤ ᠬᠦᠢᠯᠭᠡᠭᠡᠨ ᠤ ᠦᠢᠯᠡᠴᠢᠯᠡᠭᠡᠨ ᠤ ᠥᠷᠲᠡᠭᠡ ᠴᠢᠭ ᠢ 15 ᠠᠴᠠ | ᠲᠤᠳᠠᠭᠤ ᠦᠭᠡᠢ ᠪᠠᠶᠢᠯᠭᠠᠨ᠎ᠠ᠃ ᠲᠤᠤᠷ᠎ᠠ ᠨᠡᠭᠦᠷᠡᠰᠦᠲᠥ᠋ᠷᠥᠭᠴᠢᠲᠤ ᠬᠦᠷᠢᠶᠡᠯᠡᠩ ᠲᠣᠭᠤᠷᠢᠭ ᠤᠨ ᠲᠡᠮᠥᠷ ᠵᠠᠮ ᠤᠨ | ᠲᠤᠰᠬᠠᠶ ᠬᠡᠷᠡᠭᠯᠡᠭᠡᠨ ᠤ ᠱᠤᠭᠤᠮ ᠤᠨ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠲᠦᠷᠭᠡᠳᠬᠡᠨ᠂ ᠲᠡᠮᠥᠷ | ᠵᠠᠮ ᠢᠶᠠᠷ ᠭᠤᠣᠯ ᠪᠣᠯᠭᠠᠭᠰᠠᠨ ᠤᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢ ᠶᠡᠬᠡᠪᠡᠷ ᠬᠥᠭᠵᠢᠭᠦᠯᠵᠦ᠂ ᠠᠵᠤ | ᠠᠬᠤᠶᠢᠯᠠᠯ ᠤᠨ ᠴᠢᠷᠭᠡᠦᠯ ᠲᠡᠷᠭᠡ᠂ ᠴᠢᠩᠭᠡᠯᠢᠭ ᠲᠡᠷᠭᠡ ᠬᠥᠰᠬᠡ ᠪᠣᠯᠤᠨ ᠪᠤᠰᠤᠳ ᠤᠯᠠᠨ ᠬᠡᠯᠪᠡᠷᠢ ᠶᠢᠨ | ᠬᠠᠮᠲᠤᠷᠠᠭᠰᠠᠨ ᠲᠡᠭᠡᠭᠡᠪᠦᠷᠢ ᠶᠢᠨ ᠲᠡᠭᠡᠭᠡᠪᠦᠷᠢᠯᠡᠬᠦ ᠲᠥᠬᠦᠭᠡᠷᠦᠮᠵᠢ ᠬᠡᠷᠡᠭᠯᠡᠬᠦ ᠶᠢ ᠵᠣᠷᠢᠭᠵᠢᠭᠤᠯᠵᠤ᠂ ᠲᠡᠭᠡᠭᠡᠪᠦᠷᠢᠯᠡᠬᠦ | ᠴᠢᠳᠠᠪᠤᠷᠢ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠪᠡᠶᠡᠯᠡᠭᠦᠯᠦᠨ᠎ᠡ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ᠂ ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ︶ | 6. ᠮᠡᠳᠡᠭᠡ ᠵᠠᠩᠭᠢ ᠶᠢᠨ ᠦᠢᠯᠡᠴᠢᠯᠡᠭᠡᠨ ᠤ ᠦᠢᠯᠡᠰ᠃ ᠤᠶᠤᠨᠲᠤ ᠬᠤᠲᠠ᠂ ᠤᠶᠤᠨᠲᠤ ᠬᠦᠷᠢᠶᠡᠯᠡᠩ | ᠲᠣᠭᠤᠷᠢᠭ ᠤᠨ ᠪᠥᠲᠥᠭᠡᠨ ᠪᠠᠶᠢᠭᠤᠯᠤᠯᠲᠠ ᠪᠠ ᠰᠢᠨ᠎ᠡ ᠮᠡᠷᠭᠡᠵᠢᠯ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ | ᠬᠥᠭᠵᠢᠯᠲᠡ ᠶᠢᠨ ᠬᠡᠷᠡᠭᠴᠡᠭᠡ ᠪᠠᠷ ᠭᠤᠤᠯᠯᠠᠭᠤᠯᠤᠨ᠂ 5G᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠵᠡᠷᠭᠡ | ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ 5G | ᠰᠦᠯᠵᠢᠶ᠎ᠡ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ 2023 ᠣᠨ ᠪᠣᠯᠬᠤ ᠳᠤ 5G ᠶᠢᠨ ᠰᠠᠭᠤᠷᠢ | ᠥᠷᠲᠡᠭᠡ ᠶᠢ 1300 ᠠᠴᠠ ᠳᠡᠭᠡᠭᠰᠢ ᠪᠠᠶᠢᠭᠤᠯᠤᠨ᠎ᠠ᠃ ︽ᠬᠤᠶᠠᠷ ︿ᠵᠢᠯᠲᠡ﹀︾ ᠶᠢ ᠠᠭᠤᠰᠤᠯᠴᠠᠭᠤᠯᠤᠨ | ᠣᠨᠣᠰᠢᠯᠠᠬᠤ ᠦᠢᠯᠡᠴᠢᠯᠡᠭᠡᠨ ᠤ ᠡᠷᠴᠢᠮ ᠢᠶᠠᠨ ᠴᠢᠩᠭᠠᠷᠠᠭᠤᠯᠵᠤ᠂ 2023 ᠣᠨ ᠪᠣᠯᠬᠤ ᠳᠤ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠬᠤᠶᠠᠷ ︽ᠵᠢᠯᠲᠡ︾ ᠶᠢ ᠠᠭᠤᠰᠤᠯᠴᠠᠭᠤᠯᠤᠨ ᠦᠨᠡᠯᠡᠨ ᠵᠢᠱᠢᠵᠦ ︽ | ᠲᠦᠮᠡᠨ ᠡᠷᠦᠬᠡ ᠠᠵᠤ ᠠᠬᠤᠶᠢᠯᠠᠯ ᠢ ᠡᠭᠦᠯᠡᠨ ᠳᠤ ᠭᠠᠷᠭᠠᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠡᠭᠦᠯᠡᠨ ᠲᠠᠪᠴᠠᠩ ᠳᠤ ᠭᠠᠷᠬᠤ ᠶᠢ ᠬᠥᠲᠥᠯᠦᠨ ᠵᠢᠯᠣᠭᠤᠳᠴᠤ᠂ | ᠲᠥᠬᠦᠭᠡᠷᠦᠮᠵᠢ᠂ ᠰᠤᠳᠤᠯᠤᠨ ᠨᠡᠭᠡᠭᠡᠬᠦ᠂ ᠬᠠᠩᠭᠠᠯᠭ᠎ᠠ ᠶᠢᠨ ᠬᠡᠯᠬᠢᠶ᠎ᠡ ᠪᠠ ᠡᠵᠡᠩᠨᠡᠯᠲᠡ ᠬᠠᠮᠢᠶᠠᠷᠤᠯᠲᠠ ᠵᠡᠷᠭᠡ ᠶᠢᠨ | ᠡᠭᠦᠯᠡᠨ ᠲᠠᠪᠴᠠᠩ ᠳᠤ ᠭᠠᠷᠬᠤ ᠶᠢ ᠠᠬᠢᠭᠤᠯᠵᠤ᠂ ᠠᠵᠤ ᠠᠬᠤᠶᠢᠯᠠᠯ ᠤᠨ ︽ᠵᠢᠵᠢᠭ ᠮᠥᠷᠲᠡᠭᠡᠨ ᠨᠠᠷᠢᠯᠢᠭ︾ | ᠬᠡᠷᠡᠭᠯᠡᠭᠡᠨ ᠤ ᠦᠢᠯᠡᠴᠢᠯᠡᠭᠡᠨ ᠤ ᠦᠢᠯᠡᠳᠬᠦᠨ ᠢ ᠬᠡᠷᠡᠭᠯᠡᠬᠦ ᠪᠠᠷ ᠳᠠᠮᠵᠢᠭᠤᠯᠤᠨ᠂ ᠲᠣᠭᠠᠵᠢᠭᠤᠯᠬᠤ ᠪᠠ | ᠰᠦᠯᠵᠢᠶᠡᠵᠢᠭᠦᠯᠬᠦ ᠬᠢᠷᠢ ᠬᠡᠮᠵᠢᠶ᠎ᠡ ᠪᠠᠨ ᠠᠯᠬᠤᠮ ᠠᠯᠬᠤᠮ ᠢᠶᠠᠷ ᠳᠡᠭᠡᠭᠰᠢᠯᠡᠭᠦᠯᠬᠦ ᠶᠢ ᠳᠡᠮᠵᠢᠨ᠎ᠡ᠃ ᠮᠢᠩᠭᠠᠨ | ᠮᠧᠭ᠎ᠠ ᠶᠢᠨ ᠲᠤᠭᠳᠠᠮᠠᠯ ᠲᠣᠤᠷ ᠢ ᠵᠠᠯᠭᠠᠨ ᠣᠷᠣᠭᠤᠯᠬᠤ ᠢᠨᠵᠧᠨᠧᠷᠢᠩ ᠢ ᠬᠡᠷᠡᠭᠵᠢᠭᠦᠯᠵᠦ᠂ IPv6 ᠶᠢᠨ | ᠤᠷᠤᠰᠴᠠ ᠶᠢ ᠳᠡᠭᠡᠭᠰᠢᠯᠡᠭᠦᠯᠬᠦ ᠭᠤᠷᠪᠠᠨ ᠵᠢᠯ ᠤᠨ ᠲᠤᠰᠬᠠᠶ ᠠᠵᠢᠯᠯᠠᠭ᠎ᠠ ᠶᠢ ᠥᠷᠨᠢᠭᠦᠯᠦᠨ᠎ᠡ᠃ ︵ᠬᠠᠷᠢᠭᠤᠴᠠᠯᠭᠠᠲᠤ | ᠨᠢᠭᠡᠴᠡ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠲᠠ ᠶᠢᠨ ᠶᠡᠭᠡ | ᠳ᠋ᠠᠶᠢᠲ᠋ᠠ ᠶᠢᠨ ᠲᠥᠪ᠂ ᠴᠢᠮᠡᠭᠡ ᠬᠤᠯᠪᠣᠭᠠᠨ ᠤ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠬᠡᠷ︶ | 7. ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠃ ᠨᠢᠭᠡ ᠪᠦᠯᠦᠭ ᠥᠪᠡᠷᠲᠡᠭᠡᠨ ᠵᠠᠰᠠᠬᠤ | ᠣᠷᠣᠨ ᠤ ᠲᠠᠰ ᠤᠨ᠂ ᠤᠯᠤᠰ ᠤᠨ ᠲᠠᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠪᠠ ᠠᠵᠤ | ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠢ ᠢᠳᠡᠪᠬᠢᠲᠡᠶ ᠪᠠᠷ ᠪᠤᠶᠢᠵᠢᠭᠤᠯᠵᠤ᠂ ᠨᠥᠬᠦᠴᠡᠯ ᠳᠤ ᠨᠡᠶᠢᠴᠡᠬᠦ | ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ | ᠨᠡᠪᠴᠢᠭᠦᠯᠦᠬᠦᠷ ᠤᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠵᠣᠷᠢᠭᠵᠢᠭᠤᠯᠤᠨ ᠳᠡᠮᠵᠢᠵᠦ᠂ | ᠥᠪᠥᠷ ᠮᠣᠩᠭᠤᠯ ᠤᠨ ᠦᠬᠠᠶ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠤᠷᠤᠨ ᠤ | ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠤᠷᠤᠨ ᠢ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ ᠠᠵᠤ | ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠲᠠᠢ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠢ ᠶᠡᠬᠡᠪᠡᠷ ᠨᠡᠭᠡᠭᠡᠨ ᠬᠥᠭᠵᠢᠭᠦᠯᠵᠦ᠂ ᠠᠩᠬᠠᠨ ᠤ | ᠰᠢᠨ᠎ᠡ ᠶᠢ ᠡᠭᠦᠳᠬᠦ᠂ ᠬᠤᠷᠠᠮᠳᠤᠭᠤᠯᠤᠨ ᠰᠢᠨ᠎ᠡ ᠶᠢ ᠡᠭᠦᠳᠬᠦ ᠪᠠ ᠣᠷᠣᠭᠤᠯᠤᠨ ᠠᠪᠴᠢᠷᠠᠵᠤ ᠰᠢᠩᠭᠡᠭᠡᠨ ᠠᠪᠴᠤ | ᠳᠠᠬᠢᠨ ᠰᠢᠨ᠎ᠡ ᠶᠢ ᠡᠭᠦᠳᠬᠦ ᠴᠢᠳᠠᠪᠤᠷᠢ ᠶᠢ ᠨᠢ ᠳᠡᠭᠡᠭᠰᠢᠯᠡᠭᠦᠯᠦᠨ᠂ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠢ | ᠵᠣᠬᠢᠶᠠᠨ ᠪᠠᠶᠢᠭᠤᠯᠤᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠤ ᠠᠬᠤᠶᠢᠯᠠᠯ ᠤᠨ ᠮᠡᠷᠭᠡᠵᠢᠯ ᠤᠨ ᠲᠥᠪ ᠲᠤ | ᠮᠡᠳᠡᠭᠦᠯᠦᠨ᠎ᠡ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠮᠠᠨᠳᠣᠭᠤᠯᠬᠤ︾ ᠠᠵᠢᠯᠯᠠᠭ᠎ᠠ ᠶᠢᠨ | ᠠᠪᠴᠢᠷᠠᠭᠰᠠᠨ ᠨᠡᠭᠡᠭᠡᠯᠲᠡ ᠬᠢᠵᠦ ᠬᠠᠮᠲᠤᠷᠠᠯᠴᠠᠬᠤ ᠠᠵᠠ ᠲᠣᠬᠢᠶᠠᠯ ᠢ ᠵᠠᠪᠳᠤᠨ ᠠᠳᠬᠤᠵᠤ᠂ ᠬᠥᠭᠵᠢᠭᠰᠡᠨ ᠭᠠᠵᠠᠷ | ᠣᠷᠣᠨ ᠪᠣᠯᠤᠨ ᠳᠡᠭᠡᠳᠦ ᠰᠤᠷᠭᠠᠭᠤᠯᠢ ᠰᠣᠳᠣᠯᠭᠠᠨ ᠤ ᠭᠠᠵᠠᠷ ᠯᠤᠭ᠎ᠠ ᠶᠢᠨ ᠰᠢᠨ᠎ᠡ ᠶᠢ ᠡᠭᠦᠳᠬᠦ ᠬᠠᠮᠲᠤᠷᠠᠯᠴᠠᠬᠤ | ᠲᠣᠭᠲᠠᠴᠠ ᠪᠠᠨ ᠲᠡᠭᠦᠯᠳᠡᠷᠵᠢᠭᠦᠯᠦᠨ᠂ ᠦᠬᠠᠶ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠮᠣ ᠵᠠᠬ᠎ᠠ | ᠳᠡᠯᠭᠡᠭᠦᠷ ᠤᠨ ᠪᠥᠲᠥᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠦᠷ᠎ᠡ ᠪᠦᠲᠦᠭᠡᠯ ᠤᠨ ᠬᠠᠩᠭᠠᠯᠭ᠎ᠠ ᠬᠡᠷᠡᠭᠴᠡᠭᠡ ᠶᠢᠨ ᠮᠡᠳᠡᠭᠡ ᠵᠠᠩᠭᠢ ᠶᠢᠨ ᠬᠥᠮᠥᠷᠭᠡ ᠶᠢ ᠠᠯᠬᠤᠮ ᠠᠯᠬᠤᠮ ᠢᠶᠠᠷ | ᠪᠠᠶᠢᠭᠤᠯᠤᠨ᠎ᠠ᠃ ᠦᠬᠠᠶ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠵᠡᠷᠭᠡ | ᠲᠠᠪᠴᠠᠩ ᠤᠨ ᠠᠴᠢᠶᠠᠯᠠᠪᠤᠷᠢ ᠳᠤ ᠲᠦᠰᠢᠭᠯᠡᠨ᠂ ᠳᠡᠭᠡᠳᠦ ᠲᠠᠰ ᠳᠠᠪᠬᠤᠷᠭ᠎ᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠤ ᠪᠦᠯᠬᠦᠮ ᠨᠡᠶᠢᠲᠡ ᠶᠢ | ᠬᠥᠮᠦᠵᠢᠭᠦᠯᠦᠨ ᠪᠤᠶᠢᠵᠢᠭᠤᠯᠵᠤ᠂ ︽ᠣᠨᠳᠣᠤ ᠭᠠᠵᠠᠷ ᠲᠤ ᠨᠡᠪᠴᠢᠭᠦᠯᠬᠦ᠂ ᠦᠬᠠᠶ ᠶᠢ ᠬᠤᠪᠢᠷᠠᠭᠤᠯᠬᠤ︾ ᠲᠥᠪ ᠤᠨ | ᠦᠢᠯᠡᠳᠦᠯ ᠢᠶᠠᠨ ᠬᠦᠢᠴᠡᠳ ᠪᠠᠳᠠᠷᠠᠭᠤᠯᠵᠤ᠂ ᠰᠢᠯᠢᠳᠡᠭ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠮᠠᠨ ᠤ ᠬᠤᠲᠠ ᠳᠤ ᠰᠢᠯᠵᠢᠭᠦᠯᠦᠨ ᠬᠤᠪᠢᠷᠠᠭᠤᠯᠬᠤ ᠶᠢ ᠠᠬᠢᠭᠤᠯᠤᠨ᠎ᠠ᠃ ᠠᠵᠤ ᠠᠬᠤᠶᠢᠯᠠᠯ ᠤᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭᠯᠡᠬᠦ ᠴᠢᠳᠠᠪᠤᠷᠢ ᠶᠢ ᠪᠤᠶᠢᠵᠢᠭᠤᠯᠬᠤ ᠠᠵᠢᠯ ᠢᠶᠠᠨ ᠴᠢᠩᠭᠠᠳᠬᠠᠵᠤ᠂ | ᠠᠵᠤ ᠠᠬᠤᠶᠢᠯᠠᠯ ᠤᠨ ᠣᠯᠠᠨ ᠤᠯᠤᠰ᠂ ᠤᠯᠤᠰ ︵ᠠᠵᠢᠯ ᠲᠥᠷᠥᠯ︶ ᠤᠨ ᠪᠠᠷᠢᠮᠵᠢᠶ᠎ᠠ ᠲᠣᠭᠲᠠᠭᠠᠬᠤ ᠳᠤ | ᠣᠷᠣᠯᠴᠠᠬᠤ ᠶᠢ ᠳᠡᠮᠵᠢᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠳᠠᠨᠵᠢᠯᠠᠵᠤ ᠪᠠᠯᠠ | ᠳᠣᠭᠢᠷᠠᠭᠤᠯᠬᠤ ᠠᠵᠢᠯ ᠢ ᠪᠥᠬᠦ ᠬᠦᠴᠦᠨ ᠢᠶᠠᠷ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠭᠡ | ᠶᠢᠨ ᠮᠡᠳᠡᠭᠡ ᠵᠠᠩᠭᠢ ᠶᠢᠨ ᠪᠠᠶᠢᠭᠤᠯᠤᠯᠳᠠ ᠪᠠᠨ ᠴᠢᠩᠭᠠᠳᠬᠠᠨ᠎ᠠ᠃ ᠤᠯᠠᠮᠵᠢᠯᠠᠯᠲᠤ ᠦᠢᠯᠡᠳᠬᠦ ᠦᠢᠯᠡᠰ ᠤᠨ ᠠᠵᠤ | ᠠᠬᠤᠶᠢᠯᠠᠯ ᠤᠨ ᠰᠢᠨ᠎ᠡ ᠶᠢ ᠡᠭᠦᠳᠦᠨ ᠪᠣᠭᠤᠮᠲᠠ ᠰᠢᠪᠲᠤᠯᠬᠤ ᠶᠢ ᠥᠷᠨᠢᠭᠦᠯᠬᠦ ᠶᠢ ᠵᠣᠷᠢᠭᠵᠢᠭᠤᠯᠵᠤ᠂ ᠮᠡᠷᠭᠡᠵᠢᠯ | ᠲᠣᠨᠣᠭᠯᠠᠯ ᠤᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶ | 8. ᠮᠥᠩᠭᠦᠨ ᠭᠦᠢᠯᠭᠡᠭᠡᠨ ᠤ ᠦᠢᠯᠡᠰ᠃ ᠪᠠᠩᠬᠢ ᠶᠢᠨ ᠭᠤᠣᠯ ᠠᠷᠭ᠎ᠠ ᠵᠠᠮ ᠤᠨ ᠦᠢᠯᠡᠳᠦᠯ ᠢ ᠨᠢ ᠭᠦᠢᠴᠡᠳ | ᠪᠠᠳᠠᠷᠠᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ | ᠭᠤᠣᠯᠳᠠᠯᠭ᠎ᠠ ᠲᠠᠢ ᠬᠦᠷᠢᠶ᠎ᠡ᠂ ᠴᠢᠬᠤᠯᠠ ᠶᠡᠭᠡ ᠲᠦᠷᠦᠯ ᠵᠦᠢᠯ ᠤᠨ ᠪᠦᠲᠦᠮᠵᠢᠲᠡᠶ ᠢᠲᠡᠭᠡᠮᠵᠢᠲᠦ ᠵᠢᠭᠡᠯᠡᠯᠭᠡ ᠶᠢᠨ | ᠲᠠᠷᠬᠠᠭᠠᠯᠲᠠ ᠶᠢ ᠦᠷᠭᠦᠯᠵᠢᠯᠡᠨ ᠨᠡᠮᠡᠭᠳᠡᠭᠦᠯᠵᠦ᠂ ᠲᠠᠷᠢᠶᠠᠯᠠᠩ ᠤᠨ ᠮᠥᠩᠭᠦᠨ ᠭᠦᠢᠯᠭᠡᠭᠡ᠂ ᠤᠳᠤ ᠦᠶ᠎ᠡ ᠶᠢᠨ | ᠡᠨᠧᠷᠭᠢ ᠶᠢᠨ ᠰᠤᠷᠪᠤᠯᠵᠢ ᠶᠢᠨ ᠮᠥᠩᠭᠦᠨ ᠭᠦᠢᠯᠭᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠮᠥᠩᠭᠦᠨ ᠭᠦᠢᠯᠭᠡᠭᠡ ᠵᠡᠷᠭᠡ ᠬᠦᠷᠢᠶᠡᠨ ᠳᠤ ᠰᠢᠪᠲᠤᠯᠤᠯᠲᠠ ᠲᠠᠢ ᠪᠣᠯᠭᠠᠨ᠎ᠠ᠃ ᠲᠦᠭᠡᠮᠡᠯ ᠬᠠᠷᠠᠭᠠᠯᠵᠠᠯᠳᠤ ᠮᠥᠩᠭᠦᠨ | ᠭᠦᠢᠯᠭᠡᠭᠡᠨ ᠤ ᠦᠢᠯᠡᠴᠢᠯᠡᠭᠡ ᠪᠠᠨ ᠴᠢᠩᠭᠠᠳᠬᠠᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ | ᠲᠤᠬᠢᠷᠠᠭᠤᠯᠭ᠎ᠠ ᠶᠢᠨ ᠨᠡᠮᠡᠭᠳᠡᠯ ᠤᠨ ᠬᠡᠮᠵᠢᠶ᠎ᠡ᠂ ᠬᠡᠪᠴᠢᠶ᠎ᠡ ᠪᠠᠨ ᠥᠷᠭᠡᠳᠬᠡᠬᠦ᠂ ᠦᠨ᠎ᠡ ᠪᠠᠨ ᠪᠠᠭᠤᠷᠠᠭᠤᠯᠬᠤ ᠶᠢ | ᠠᠬᠢᠭᠤᠯᠵᠤ᠂ ᠪᠡᠯᠡ ᠲᠤᠬᠢᠷᠠᠭᠤᠯᠭ᠎ᠠ ᠶᠢᠨ ᠬᠦᠷᠲᠡᠮᠵᠢ ᠶᠢᠨ ᠴᠢᠨᠠᠷ ᠪᠠ ᠲᠦᠬᠦᠮ ᠴᠢᠨᠠᠷ ᠢᠶᠠᠨ ᠳᠡᠭᠡᠭᠰᠢᠯᠡᠭᠦᠯᠦᠨ᠎ᠡ᠃ | ᠮᠥᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠮᠥᠩᠭᠦᠨ ᠬᠦᠢᠯᠭᠡᠭᠡᠨ ᠤ | ᠲᠤᠬᠠᠶᠢᠯᠠᠭᠰᠠᠨ ᠠᠵᠢᠯ ᠢ ᠢᠳᠡᠪᠬᠢᠲᠡᠶ ᠥᠷᠨᠢᠭᠦᠯᠬᠦ ᠶᠢ ᠵᠣᠷᠢᠭᠵᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ | ᠳᠡᠭᠡᠳᠦ ᠳᠣᠤᠷᠠᠳᠤ ᠤᠷᠤᠰᠬᠠᠯ ᠤᠨ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠭᠤᠤᠯᠯᠠᠬᠤ ᠠᠵᠤ | ᠠᠬᠤᠶᠢᠯᠠᠯ ᠤᠨ ᠢᠲᠡᠭᠡᠮᠵᠢ ᠪᠠᠨ ᠨᠡᠮᠡᠭᠳᠡᠭᠦᠯᠬᠦ ᠪᠠᠷ ᠰᠠᠭᠤᠷᠢ ᠪᠣᠯᠭᠠᠭᠰᠠᠨ ᠮᠥᠩᠭᠦᠨ ᠬᠦᠢᠯᠭᠡᠭᠡᠨ ᠤ ᠦᠢᠯᠡᠴᠢᠯᠡᠭᠡ | ᠬᠠᠩᠭᠠᠨ᠎ᠠ᠃ ︽ᠪᠠᠩᠬᠢ ᠭᠠᠶᠢᠯᠢ ᠬᠠᠷᠢᠯᠴᠠᠨ ᠬᠥᠳᠡᠯᠦᠯᠴᠡᠬᠦ︾ ︽ᠢᠲᠡᠭᠡᠮᠵᠢᠲᠡᠶ᠂ ᠵᠢᠭᠡᠯᠡᠯᠭᠡ ᠳᠤ ᠬᠢᠯᠪᠡᠷ᠂ | ᠵᠢᠭᠡᠯᠡᠯᠭᠡ︾ ᠵᠡᠷᠭᠡ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠳᠡᠯᠭᠡᠷᠡᠭᠦᠯᠦᠨ ᠬᠥᠭᠵᠢᠭᠦᠯᠵᠦ᠂ ᠬᠤᠷᠢᠶᠠᠬᠤ | ᠶᠣᠰᠣᠲᠠᠶ ᠲᠠᠩᠰᠠᠨ ᠤ ᠵᠣᠭᠤᠰ᠂ ᠣᠨᠴᠠ ᠵᠥᠪᠰᠢᠶᠡᠷᠡᠯ ᠤᠨ ᠡᠵᠡᠩᠨᠡᠯᠲᠡ ᠶᠢᠨ ᠡᠷᠬᠡ᠂ ᠵᠠᠬᠢᠶᠠᠯᠠᠭ᠎ᠠ ᠶᠢᠨ ᠪᠡᠯᠡ | ᠲᠤᠬᠢᠷᠠᠭᠤᠯᠭ᠎ᠠ ᠵᠡᠷᠭᠡ ᠢᠲᠡᠭᠡᠮᠵᠢ ᠣᠯᠭᠤᠬᠤ ᠵᠠᠭᠪᠤᠷ ᠢ ᠳᠡᠯᠭᠡᠷᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ︽ | ᠲᠢᠶᠠᠨ ᠵᠢᠶᠦ᠋ᠨ︾ ᠦᠢᠯᠡᠴᠢᠯᠡᠭᠡᠨ ᠤ ᠲᠥᠯᠥᠪᠯᠡᠭᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠰᠠᠶᠢᠰᠫᠦ᠋ ᠰᠢᠨᠵᠢᠯᠡᠬᠦ | ᠤᠬᠠᠭᠠᠨ ᠮᠡᠷᠭᠡᠵᠢᠯ᠂ ᠶᠤᠸᠠᠨ ᠬᠤᠩ ᠬᠢᠮᠢ ᠶᠢᠨ ᠠᠵᠤ ᠦᠢᠯᠡᠳᠪᠦᠷᠢ᠂ ᠳ᠋ᠦᠩ ᠶᠤᠸᠠᠨ ᠰᠢᠨᠵᠢᠯᠡᠬᠦ ᠤᠬᠠᠭᠠᠨ | ᠮᠡᠷᠭᠡᠵᠢᠯ ᠵᠡᠷᠭᠡ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠪᠤᠶᠢᠵᠢᠭᠤᠯᠬᠤ ᠠᠬᠢᠴᠠ ᠶᠢ ᠨᠢ | ᠦᠷᠭᠦᠯᠵᠢᠯᠡᠨ ᠠᠬᠢᠭᠤᠯᠵᠤ᠂ ᠨᠥᠬᠦᠴᠡᠯ ᠳᠤ ᠨᠡᠶᠢᠴᠡᠬᠦ 1 — 2 ᠠᠵᠤ ᠠᠬᠤᠶᠢᠯᠠᠯ ᠢ ᠥᠪᠡᠷᠲᠡᠭᠡᠨ ᠵᠠᠰᠠᠬᠤ | ᠣᠷᠣᠨ ᠤ ᠵᠠᠬ᠎ᠠ ᠳᠡᠯᠭᠡᠭᠦᠷ ᠲᠤ ᠭᠠᠷᠭᠠᠬᠤ ᠪᠠᠷ ᠪᠠᠶᠢᠭ᠎ᠠ ᠠᠵᠤ ᠠᠬᠤᠶᠢᠯᠠᠯ ᠤᠨ ᠪᠡᠯᠡᠳᠬᠡᠯ ᠬᠥᠮᠥᠷᠭᠡ ᠳᠤ | ᠣᠷᠣᠭᠤᠯᠬᠤ ᠪᠠᠷ ᠴᠢᠷᠮᠠᠶᠢᠵᠤ᠂ 1 ᠠᠵᠤ ᠠᠬᠤᠶᠢᠯᠠᠯ ᠢ ᠰᠢᠨ᠎ᠡ ᠭᠤᠷᠪᠠᠨ ᠬᠡᠯᠪᠡᠷᠢ ᠳᠤ ᠫᠠᠶᠢᠰᠠ ᠡᠯᠭᠦᠭᠦᠯᠦᠨᠡ᠃ | ᠪᠥᠬᠦ ᠬᠤᠲᠠ ᠶᠢᠨ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠲᠠᠢ ᠤᠶᠠᠯᠳᠤᠭᠤᠯᠤᠨ᠂ | ᠪᠦᠲᠦᠮᠵᠢᠲᠡᠶ ᠢᠲᠡᠭᠡᠮᠵᠢᠲᠦ ᠵᠢᠭᠡᠯᠡᠯᠭᠡ ᠶᠢᠨ ᠬᠡᠷᠡᠭᠴᠡᠭᠡ ᠱᠠᠭᠠᠷᠳᠠᠯᠭ᠎ᠠ ᠶᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ | ᠲᠥᠷᠥᠯ ᠵᠦᠢᠯ ᠤᠨ ᠨᠥᠭᠡᠴᠡᠯᠡᠵᠦ ᠬᠤᠪᠢᠷᠠᠭᠤᠯᠬᠤ ᠨᠣᠷᠮ᠎ᠠ ᠪᠠᠨ ᠳᠡᠭᠡᠭᠰᠢᠯᠡᠭᠦᠯᠦᠨ᠂ ᠪᠦᠲᠦᠮᠵᠢᠲᠡᠶ ᠮᠥᠩᠭᠦᠨ | ᠬᠦᠢᠯᠭᠡᠭᠡᠨ ᠤ ᠬᠠᠩᠭᠠᠯᠭ᠎ᠠ ᠪᠠᠨ ᠨᠡᠮᠡᠭᠳᠡᠭᠦᠯᠵᠦ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠤᠯᠳᠠᠯᠭ᠎ᠠ ᠲᠠᠢ ᠠᠵᠤ | ᠦᠢᠯᠡᠰ ᠪᠠ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠳᠠ ᠶᠢ ᠪᠦᠬᠦ ᠬᠦᠴᠦᠨ ᠢᠶᠠᠷ ᠢᠶᠠᠨ | ᠲᠡᠮᠵᠢᠨ᠎ᠡ᠃ 2022 ᠣᠨ ᠤ ᠡᠴᠦᠰ ᠪᠣᠯᠬᠤ ᠳᠤ᠂ ᠮᠥᠩᠭᠦᠨ ᠬᠦᠢᠯᠭᠡᠭᠡᠨ ᠤ ᠦᠢᠯᠡᠰ ᠤᠨ ᠨᠡᠮᠡᠭᠳᠡᠯ ᠥᠷᠲᠡᠭ ᠤᠨ | ᠨᠡᠮᠡᠭᠳᠡᠯ ᠤᠨ ᠬᠤᠷᠳᠤᠴᠠ ᠶᠢ 10% ᠣᠷᠴᠢᠮ ᠳᠤ ᠬᠦᠷᠭᠡᠵᠦ᠂ ᠵᠢᠭᠡᠯᠡᠯᠭᠡ ᠶᠢᠨ ᠨᠡᠮᠡᠭᠳᠡᠯ ᠤᠨ ᠬᠤᠷᠳᠤᠴᠠ ᠶᠢ | ᠨᠡᠯᠢᠶᠡᠳ ᠶᠡᠭᠡ ᠪᠠᠷ ᠳᠡᠭᠡᠭᠰᠢᠯᠡᠭᠦᠯᠬᠦ ᠪᠠᠷ ᠴᠢᠷᠮᠠᠶᠢᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠵᠠᠰᠠᠭ ᠤᠨ | ᠣᠷᠳᠣᠨ ᠤ ᠮᠥᠩᠭᠦᠨ ᠬᠦᠢᠯᠭᠡᠭᠡᠨ ᠤ ᠠᠵᠢᠯ ᠤᠨ ᠠᠯᠪᠠᠨ ᠬᠡᠷ︶ | 9. ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ᠃ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ︽ᠰᠦᠯᠵᠢᠶᠡᠨ ᠳᠡᠭᠡᠷ᠎ᠡ ᠬᠦᠢᠴᠡᠳᠬᠡᠬᠦ︾ ︽ᠨᠢᠭᠡ | ᠯᠡ ᠤᠳᠠᠭ᠎ᠠ ᠳᠤ ᠬᠦᠢᠴᠡᠳᠬᠡᠬᠦ︾ ︽ᠠᠯᠠᠭᠠᠨ ᠳᠡᠭᠡᠷ᠎ᠡ ᠠᠴᠠ ᠬᠦᠢᠴᠡᠳᠬᠡᠬᠦ︾ ︽ᠳᠠᠭᠠᠭᠠᠨ ᠠᠪᠴᠤ | ᠬᠦᠢᠴᠡᠳᠬᠡᠬᠦ︾ ᠦᠢᠯᠡᠴᠢᠯᠡᠭᠡᠨ ᠤ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ ᠠᠵᠢᠯ ᠣᠯᠯᠭᠤᠯᠳᠠ ᠠᠳᠠᠯ | ᠦᠢᠯᠡᠰ ᠴᠣᠭᠴᠠᠯᠠᠬᠤ᠂ ᠨᠡᠶᠢᠭᠡᠮ ᠤᠨ ᠳᠠᠭᠠᠳᠬᠠᠯ᠂ ᠠᠵᠢᠯᠲᠠᠨ ᠤ ᠶᠠᠪᠤᠳᠠᠯ ᠴᠢᠳᠠᠪᠤᠷᠢᠲᠠᠨ᠂ ᠬᠥᠳᠡᠯᠮᠦᠷᠢ ᠶᠢᠨ | ᠬᠠᠷᠢᠴᠠᠭ᠎ᠠ ᠪᠠ ᠨᠡᠶᠢᠭᠡᠮ ᠤᠨ ᠪᠠᠲᠤᠯᠠᠭ᠎ᠠ ᠶᠢᠨ ᠺᠠᠷᠲ ᠵᠡᠷᠭᠡ ᠪᠥᠬᠦ ᠬᠦᠷᠢᠶᠡᠨ ᠳᠠᠬᠢ ᠦᠢᠯᠡᠴᠢᠯᠡᠭᠡᠨ ᠤ ᠵᠦᠢᠯᠡᠰ ᠢ | ᠰᠦᠯᠵᠢᠶᠡᠨ ᠳᠡᠭᠡᠷ᠎ᠡ ᠬᠦᠢᠴᠡᠳᠬᠡᠵᠦ ᠪᠣᠯᠬᠤ ᠶᠢ ᠪᠡᠶᠡᠯᠡᠭᠦᠯᠦᠨ᠎ᠡ᠃ ᠦᠢᠯᠡᠴᠢᠯᠡᠭᠡᠨ ᠤ ᠬᠠᠩᠭᠠᠯᠭ᠎ᠠ ᠪᠠᠨ | ᠨᠡᠮᠡᠭᠳᠡᠭᠦᠯᠵᠦ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠣᠯᠠᠨ ᠨᠡᠶᠢᠲᠡ ᠶᠢᠨ | ᠦᠢᠯᠡᠴᠢᠯᠡᠭᠡ ᠶᠢ ᠦᠨᠳᠦᠰᠦᠨ ᠱᠠᠲᠤᠨ ᠤ ᠲᠠᠪᠴᠠᠩ᠂ ᠪᠠᠩᠬᠢ ᠶᠢᠨ ᠲᠣᠤᠷ ᠴᠢᠭ ᠳᠠᠰᠢ ᠤᠷᠲᠤᠳᠬᠠᠬᠤ ᠶᠢ | ᠠᠬᠢᠭᠤᠯᠤᠨ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠣᠯᠠᠨ ᠨᠡᠶᠢᠲᠡ ᠶᠢᠨ | ᠦᠢᠯᠡᠴᠢᠯᠡᠭᠡ ᠶᠢ ︽ᠣᠶᠢᠷ᠎ᠠ ᠬᠠᠪᠢ ᠳᠠᠭᠠᠨ ᠡᠷᠭᠢᠯᠡᠬᠦ︾ ︽ᠣᠯᠠᠨ ᠴᠢᠭ ᠲᠤ ᠬᠦᠢᠴᠡᠳᠬᠡᠵᠦ ᠪᠣᠯᠬᠤ︾ ᠰᠢᠨ᠎ᠡ | ᠪᠠᠶᠢᠷᠢᠰᠢᠯ ᠢ ᠪᠣᠶ ᠪᠣᠯᠭᠠᠨ᠎ᠠ᠃ ᠤᠶᠤᠨᠲᠤ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠯᠲᠠ ᠶᠢ ᠪᠥᠬᠦ | ᠬᠦᠴᠦᠨ ᠢᠶᠠᠷ ᠢᠶᠠᠨ ᠠᠬᠢᠭᠤᠯᠵᠤ᠂ ᠤᠶᠤᠨᠲᠤ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ | ᠲᠥᠪ ᠤᠨ ᠲᠠᠪᠴᠠᠩ ᠳᠤ ᠲᠦᠰᠢᠭᠯᠡᠨ᠂ ᠠᠵᠢᠯᠴᠢᠨ ᠬᠡᠷᠡᠭᠯᠡᠬᠦ ᠨᠢᠭᠡᠴᠡ ᠪᠠ ᠠᠵᠢᠯ ᠡᠷᠢᠭᠰᠡᠳ ᠤᠨ ᠬᠡᠷᠡᠭᠴᠡᠭᠡ | ᠱᠠᠭᠠᠷᠳᠠᠯᠭ᠎ᠠ ᠶᠢ ᠣᠯᠠᠨ ᠲᠠᠯ᠎ᠠ ᠠᠴᠠ᠂ ᠣᠯᠠᠨ ᠠᠷᠭ᠎ᠠ ᠵᠠᠮ ᠢᠶᠠᠷ ᠬᠠᠩᠭᠠᠨ᠎ᠠ᠃ ᠰᠢᠨ᠎ᠡ ᠶᠢ ᠡᠭᠦᠳᠦᠨ ᠠᠳᠠᠯ | ᠦᠢᠯᠡᠰ ᠴᠣᠭᠴᠠᠯᠠᠬᠤ ᠠᠴᠢᠶᠠᠯᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠡᠯ᠎ᠡ ᠲᠥᠷᠥᠯ ᠤᠨ ᠰᠢᠨ᠎ᠡ ᠶᠢ | ᠡᠭᠦᠳᠦᠨ ᠠᠳᠠᠯ ᠦᠢᠯᠡᠰ ᠴᠣᠭᠴᠠᠯᠠᠬᠤ ᠬᠥᠮᠦᠰ ᠲᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ᠂ ᠨᠡᠭᠡᠭᠡᠯᠲᠡᠲᠦ | ᠮᠠᠶ᠋ᠢᠭ ᠤᠨ᠂ ᠥᠪᠡᠷ ᠤᠨ ᠥᠷᠲᠡᠭ ᠢᠶᠠᠷ ᠳᠣᠤᠷ᠎ᠠ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠦᠢᠯᠡᠴᠢᠯᠡᠭᠡ | ᠬᠠᠩᠭᠠᠨ᠎ᠠ᠃ 2022 ᠣᠨ ᠳᠤ 600 ᠬᠥᠮᠦᠨ ᠤ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠢ | ᠪᠡᠶᠡᠯᠡᠭᠦᠯᠵᠦ᠂ 1800 ᠲᠦᠮᠡᠨ ᠲᠥᠭᠦᠷᠢᠭ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ | ᠲᠠᠯᠪᠢᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ︶ | ︵ᠭᠤᠷᠪᠠ︶ ᠦᠢᠯᠡᠴᠢᠯᠡᠭᠡᠨ ᠤ ᠦᠢᠯᠡᠰ ᠤᠨ ᠰᠢᠨ᠎ᠡ ᠶᠢ ᠡᠭᠦᠳᠴᠦ ᠡᠮᠬᠢᠯᠡᠨ ᠨᠡᠶᠢᠯᠡᠭᠦᠯᠵᠦ ᠬᠥᠭᠵᠢᠭᠦᠯᠬᠦ ᠶᠢ | ᠲᠥᠯᠬᠢᠨ ᠠᠬᠢᠭᠤᠯᠤᠨ᠎ᠠ | 10. ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠦᠢᠯᠡᠴᠢᠯᠡᠭᠡᠨ ᠤ ᠲᠤᠭᠤᠷᠢᠭ᠃ ︽ | ᠤᠷᠢᠳᠠᠪᠠᠷ ᠲᠤᠷᠰᠢᠯᠲᠠ ᠬᠢᠬᠦ᠂ ᠵᠢᠱᠢᠶ᠎ᠡ ᠦᠵᠡᠭᠦᠯᠦᠨ ᠳᠠᠶᠢᠴᠢᠯᠠᠬᠤ᠂ ᠴᠢᠭ ᠢᠶᠠᠷ ᠨᠡᠶᠢᠳᠡᠮ ᠢ ᠳᠠᠶᠢᠴᠢᠯᠠᠬᠤ᠂ ᠪᠦᠬᠦ | ᠲᠠᠯ᠎ᠠ ᠪᠠᠷ ᠳᠡᠯᠭᠡᠷᠡᠭᠦᠯᠬᠦ︾ ᠠᠯᠬᠤᠮ ᠳᠠᠷᠠᠭ᠎ᠠ ᠶᠣᠰᠣᠭᠠᠷ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ | ᠬᠦᠷᠲᠡᠭᠡᠬᠦ ᠤᠳᠤᠷᠢᠳᠤᠮᠵᠢ ᠶᠢ ᠳᠣᠪᠤᠶᠢᠯᠭᠠᠨ᠂ ᠭᠤᠷᠪᠠᠨ ᠵᠢᠯ ᠤᠨ ᠪᠥᠲᠥᠭᠡᠨ ᠪᠠᠶᠢᠭᠤᠯᠤᠯᠲᠠ ᠪᠠᠷ ᠳᠠᠮᠵᠢᠭᠤᠯᠤᠨ᠂ | ︽ᠰᠠᠭᠤᠷᠢᠰᠢᠬᠤ ᠳᠤ ᠲᠣᠬᠢᠷᠠᠮᠵᠢᠲᠠᠶ᠂ ᠠᠵᠢᠯᠯᠠᠬᠤ ᠳᠤ ᠲᠣᠬᠢᠷᠠᠮᠵᠢᠲᠠᠶ᠂ ᠰᠤᠷᠤᠯᠴᠠᠬᠤ ᠳᠤ ᠲᠣᠬᠢᠷᠠᠮᠵᠢᠲᠠᠶ᠂ | ᠰᠤᠪᠢᠯᠠᠬᠤ ᠳᠤ ᠲᠣᠬᠢᠷᠠᠮᠵᠢᠲᠠᠶ᠂ ᠵᠤᠭᠠᠴᠠᠬᠤ ᠳᠤ ᠲᠣᠬᠢᠷᠠᠮᠵᠢᠲᠠᠶ︾ ᠬᠠᠷᠠᠯᠲᠠ ᠶᠢᠨ ᠲᠣᠭᠤᠷᠢᠨ ᠳᠤ᠂ | ᠦᠢᠯᠡᠴᠢᠯᠡᠭᠡᠨ ᠤ ᠬᠦᠴᠦᠨ ᠵᠦᠢᠯ ᠢᠶᠠᠨ ᠵᠦᠶ ᠵᠣᠬᠢᠰᠲᠠᠶ ᠳᠣᠭᠢᠷᠠᠭᠤᠯᠵᠤ᠂ ︽ᠲᠣᠬᠢᠯᠢᠭ ᠲᠤᠭᠳᠠᠭᠤᠨ ᠣᠷᠣᠨ | ᠰᠠᠭᠤᠴᠠ ᠶᠢᠨ ᠬᠦᠷᠢᠶ᠎ᠡ᠂ ᠠᠷᠠᠳ ᠲᠤ ᠲᠥᠬᠦᠮ ᠦᠵᠡᠭᠦᠯᠬᠦ ᠬᠡᠷᠡᠭᠯᠡᠭᠡᠨ ᠤ ᠬᠦᠷᠢᠶ᠎ᠡ᠂ ᠨᠡᠶᠢᠭᠡᠮ ᠲᠣᠭᠤᠷᠢᠭ ᠤᠨ | ᠰᠣᠶᠣᠯ ᠤᠨ ᠬᠦᠷᠢᠶ᠎ᠡ᠂ ᠰᠢᠯᠢᠳᠡᠭ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯ ᠤᠨ ᠬᠦᠷᠢᠶ᠎ᠡ᠂ ᠨᠠᠰᠤᠵᠢᠯ ᠤᠨ | ᠦᠢᠯᠡᠴᠢᠯᠡᠭᠡᠨ ᠤ ᠬᠦᠷᠢᠶ᠎ᠡ᠂ ᠡᠷᠡᠭᠦᠯ ᠮᠡᠨᠳᠦ ᠡᠮᠴᠢᠯᠡᠭᠡᠨ ᠤ ᠬᠦᠷᠢᠶ᠎ᠡ᠂ ᠬᠤᠲᠠ ᠶᠢᠨ ᠨᠢᠭᠤᠷ ᠴᠢᠷᠠᠶ ᠶᠢᠨ ᠬᠦᠷᠢᠶ᠎ᠡ᠂ | ᠦᠢᠯᠡᠴᠢᠯᠡᠭᠡᠨ ᠤ ᠳᠠᠭᠠᠬᠤ ᠬᠦᠷᠢᠶ᠎ᠡ︾ ᠶᠢ ᠨᠢᠭᠡ ᠴᠤᠭᠴᠠᠵᠢᠭᠤᠯᠤᠭᠰᠠᠨ ᠨᠢᠭᠡ ᠮᠦᠴᠡᠲᠤ ᠨᠡᠶᠢᠭᠡᠮ ᠲᠣᠭᠤᠷᠢᠭ ᠤᠨ | ᠠᠮᠢᠳᠤᠷᠠᠯ ᠤᠨ ᠬᠦᠷᠢᠶ᠎ᠡ ᠶᠢ ᠬᠦᠴᠦᠯᠡᠨ ᠪᠠᠶᠢᠭᠤᠯᠤᠨ᠎ᠠ᠃ 2022 ᠣᠨ ᠳᠤ᠂ ᠺᠠᠩ ᠯᠧ ᠨᠡᠶᠢᠭᠡᠮ ᠲᠣᠭᠤᠷᠢᠭ᠂ | ᠪᠢᠨ ᠾᠧ ᠨᠡᠶᠢᠭᠡᠮ ᠲᠣᠭᠤᠷᠢᠭ᠂ ᠴᠠᠩ ᠴᠢᠩ ᠨᠡᠶᠢᠭᠡᠮ ᠲᠣᠭᠤᠷᠢᠭ᠂ ᠰᠢᠨ ᠳ᠋ᠡ ᠨᠡᠶᠢᠭᠡᠮ ᠲᠣᠭᠤᠷᠢᠭ᠂ ᠪᠠᠶᠠᠬᠤᠰᠣ | ᠵᠡᠭᠡᠯᠢ ᠵᠡᠷᠭᠡ 5 ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠦᠢᠯᠡᠴᠢᠯᠡᠭᠡᠨ ᠤ ᠲᠣᠭᠤᠷᠢᠭ ᠤᠨ | ᠲᠤᠷᠰᠢᠯᠲᠠ ᠶᠢᠨ ᠴᠢᠭ ᠢ ᠪᠠᠶᠢᠭᠤᠯᠤᠨ ᠲᠡᠭᠦᠯᠳᠡᠷᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠡᠯ᠎ᠡ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ | 11. ᠦᠢᠯᠡᠴᠢᠯᠡᠭᠡᠨ ᠤ ᠦᠢᠯᠡᠰ ᠢ ᠲᠣᠭᠠᠴᠢᠯᠠᠬᠤ᠃ ᠰᠤᠷᠭᠠᠨ ᠬᠥᠮᠦᠵᠢᠯ᠂ ᠡᠮᠴᠢᠯᠡᠭᠡ᠂ ᠰᠣᠶᠣᠯ | ᠵᠢᠭᠤᠯᠴᠢᠯᠠᠯ᠂ ᠠᠷᠠᠯᠵᠢᠶ᠎ᠠ ᠬᠤᠳᠠᠯᠳᠤᠭ᠎ᠠ ᠵᠡᠷᠭᠡ ᠬᠦᠷᠢᠶᠡᠨ ᠤ ᠲᠣᠭᠠᠴᠢᠯᠠᠯᠲᠠ᠂ ᠮᠡᠳᠡᠭᠡ ᠵᠠᠩᠭᠢᠵᠢᠯᠲᠠ ᠶᠢᠨ ᠬᠢᠷᠢ | ᠲᠦᠪᠰᠢᠨ ᠢᠶᠠᠨ ᠳᠡᠭᠡᠭᠰᠢᠯᠡᠭᠦᠯᠵᠦ᠂ ᠬᠤᠳᠠ ᠶᠢᠨ ᠦᠢᠯᠡᠴᠢᠯᠡᠭᠡ ᠶᠢᠨ ᠤᠨᠤᠪᠴᠢᠯᠠᠯᠳᠠ᠂ ᠬᠠᠮᠢᠶᠠᠷᠤᠯᠲᠠ ᠶᠢᠨ | ᠣᠶᠤᠨᠴᠢᠯᠠᠯᠳᠠ᠂ ᠠᠮᠢᠳᠤᠷᠠᠯ ᠤᠨ ᠲᠦᠬᠦᠮᠴᠢᠯᠯᠡᠳᠡ ᠶᠢ ᠠᠬᠢᠭᠤᠯᠤᠨ᠎ᠠ᠃ ᠰᠤᠷᠭᠠᠨ ᠬᠥᠮᠦᠵᠢᠯ ᠤᠨ ᠡᠭᠦᠯᠡᠨ | ᠲᠠᠪᠴᠠᠩ᠂ ᠲᠣᠭᠠᠴᠢᠯᠠᠭᠰᠠᠨ ᠰᠤᠷᠭᠠᠭᠤᠯᠢ ᠶᠢᠨ ᠬᠦᠷᠢᠶ᠎ᠡ᠂ ᠤᠶᠤᠨᠲᠤ ᠠᠮᠤᠷ ᠠᠮᠤᠭᠤᠯᠠᠩ ᠰᠤᠷᠭᠠᠭᠤᠯᠢ ᠶᠢᠨ | ᠬᠦᠷᠢᠶ᠎ᠡ ᠵᠡᠷᠭᠡ ᠲᠥᠬᠦᠭᠡᠷᠦᠮᠵᠢ ᠶᠢᠨ ᠮᠡᠳᠡᠭᠡ ᠵᠠᠩᠭᠢᠵᠢᠯᠲᠠ ᠶᠢᠨ ᠲᠡᠰ ᠳᠡᠪᠰᠢᠭᠦᠯᠬᠦ ᠥᠭᠡᠷᠡᠴᠢᠯᠡᠯᠲᠡ ᠶᠢ ᠠᠬᠢᠭᠤᠯᠵᠤ | ᠂ ᠰᠢᠨᠵᠢᠯᠡᠭᠡᠨ ᠤ ᠰᠠᠯᠠᠭ᠎ᠠ ᠠᠯᠤᠰᠯᠠᠭᠰᠠᠨ ᠵᠢᠭᠠᠨ ᠰᠤᠷᠭᠠᠯᠲᠠ᠂ ᠤᠶᠤᠨᠴᠢᠯᠠᠭᠰᠠᠨ ᠰᠤᠷᠭᠠᠨ ᠬᠥᠮᠦᠵᠢᠯ ᠵᠡᠷᠭᠡ | ᠵᠢᠭᠠᠨ ᠰᠤᠷᠭᠠᠯᠲᠠ ᠰᠤᠷᠭᠠᠨ ᠬᠥᠮᠦᠵᠢᠯ ᠤᠨ ᠰᠢᠨ᠎ᠡ ᠵᠠᠭᠪᠤᠷ ᠢ ᠰᠦᠪᠡᠭᠴᠢᠯᠡᠵᠦ᠂ ᠠᠩᠬ᠎ᠠ ᠵᠡᠷᠭᠡ ᠶᠢᠨ ᠪᠠ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠤᠶᠤᠨᠲᠤ ᠦᠵᠦᠬᠦᠷᠯᠢᠭ ᠪᠠ ᠤᠶᠤᠨᠲᠤ ᠬᠢᠴᠢᠶᠡᠯ ᠤᠨ ᠲᠠᠩᠬᠢᠮ ᠤᠨ | ᠰᠢᠰᠲ᠋ᠧᠮ ᠢ ᠲᠦᠭᠡᠮᠡᠯᠵᠢᠭᠦᠯᠦᠨ ᠬᠡᠷᠡᠭᠯᠡᠬᠦ ᠶᠢ ᠠᠬᠢᠭᠤᠯᠵᠤ᠂ ᠶᠡᠭᠡ ᠳ᠋ᠠᠶᠢᠲ᠋ᠠ ᠶᠢᠨ ᠤᠨᠢᠨ ᠳᠡᠭᠡᠷ᠎ᠡ ᠨᠢ ᠵᠢᠭᠠᠨ | ᠰᠤᠷᠭᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ︽ᠢᠨᠲ᠋ᠧᠷ ᠰᠦᠯᠵᠢᠶ᠎ᠡ + ᠡᠮᠴᠢᠯᠡᠭᠡᠨ ᠤ ᠦᠢᠯᠡᠴᠢᠯᠡᠭᠡ︾ | ᠶᠢ ᠶᠡᠬᠡᠪᠡᠷ ᠬᠥᠭᠵᠢᠭᠦᠯᠵᠦ᠂ ᠭᠤᠤᠯᠳᠠᠯᠭ᠎ᠠ ᠲᠠᠢ ᠡᠮᠴᠢᠯᠡᠭᠡᠨ ᠤ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ | ᠡᠭᠦᠯᠡᠨ ᠪᠤᠳᠤᠯᠲᠠ ᠶᠢ ᠵᠣᠷᠢᠭᠵᠢᠭᠤᠯᠤᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠨᠢᠭᠡ | ᠴᠤᠭᠴᠠᠵᠢᠭᠤᠯᠤᠭᠰᠠᠨ ᠡᠮᠴᠢᠯᠡᠭᠡᠨ ᠤ ᠦᠢᠯᠡᠴᠢᠯᠡᠭᠡᠨ ᠤ ᠵᠠᠭᠪᠤᠷ᠂ ᠠᠯᠤᠰ ᠡᠵᠡᠮᠰᠢᠯᠲᠦ ᠡᠮᠴᠢᠯᠡᠭᠡᠨ ᠤ ᠬᠠᠮᠵᠢᠯᠴᠠᠬᠤ | ᠰᠢᠰᠲ᠋ᠧᠮᠵᠢ ᠶᠢ ᠪᠠᠶᠢᠭᠤᠯᠵᠤ᠂ ᠪᠥᠬᠦ ᠠᠷᠠᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠢ | ᠰᠢᠯᠢᠳᠡᠭᠵᠢᠭᠦᠯᠦᠨ ᠲᠡᠭᠦᠯᠳᠡᠷᠵᠢᠭᠦᠯᠦᠨ᠎ᠡ᠃ ︽ᠢᠨᠲ᠋ᠧᠷ ᠰᠦᠯᠵᠢᠶ᠎ᠡ + ᠨᠠᠰᠤᠵᠢᠯ ᠤᠨ ᠠᠰᠠᠷᠠᠮᠵᠢ︾ ᠶᠢᠨ | ᠦᠢᠯᠡᠴᠢᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠶ ᠪᠠᠷ ᠳᠡᠯᠭᠡᠷᠡᠭᠦᠯᠵᠦ᠂ ᠨᠠᠰᠤᠵᠢᠯ ᠤᠨ | ᠠᠰᠠᠷᠠᠮᠵᠢ ᠶᠢᠨ ᠪᠠᠶᠢᠭᠤᠯᠤᠮᠵᠢ᠂ ᠨᠠᠰᠤᠲᠠᠶᠢᠴᠤᠳ ᠵᠢᠴᠢ ᠦᠷ᠎ᠡ ᠬᠡᠤᠬᠡᠳ ᠵᠡᠷᠭᠡ ᠲᠠᠯ᠎ᠠ ᠳᠤ ᠬᠠᠨᠳᠤᠭᠤᠯᠤᠨ | ᠦᠢᠯᠡᠴᠢᠯᠡᠭᠡ ᠬᠠᠩᠭᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠣᠶᠤᠨᠴᠢ ᠮᠡᠳᠡᠭᠡ ᠵᠠᠩᠭᠢ ᠶᠢᠨ | ᠲᠠᠪᠴᠠᠩ ᠢ ᠪᠠᠶᠢᠭᠤᠯᠤᠨ᠎ᠠ᠃ ᠪᠣᠳᠠᠲᠤ ᠴᠣᠭᠴᠠ ᠶᠢᠨ ᠬᠤᠳᠠᠯᠳᠤᠭᠠᠨ ᠤ ᠲᠣᠭᠠᠵᠢᠭᠤᠯᠬᠤ ᠪᠠᠶᠢᠭᠤᠯᠤᠯᠲᠠ ᠶᠢᠨ | ᠠᠵᠢᠯᠯᠠᠭ᠎ᠠ ᠶᠢ ᠥᠷᠨᠢᠭᠦᠯᠵᠦ᠂ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ ᠵᠡᠷᠭᠡ ᠤᠯᠠᠮᠵᠢᠯᠠᠯᠲᠤ ᠠᠷᠠᠯᠵᠢᠶ᠎ᠠ | ᠬᠤᠳᠠᠯᠳᠤᠭᠠᠨ ᠤ ᠠᠵᠤ ᠠᠬᠤᠶᠢᠯᠠᠯ ᠬᠢᠭᠡᠳ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠭᠦᠨᠵᠡᠭᠡᠶ | ᠠᠭᠤᠰᠤᠯᠴᠠᠬᠤ ᠶᠢ ᠲᠦᠷᠭᠡᠳᠬᠡᠨ᠎ᠡ᠃ ︽ᠢᠨᠲ᠋ᠧᠷ ᠰᠦᠯᠵᠢᠶ᠎ᠡ +︾ ᠬᠡᠷᠡᠭᠯᠡᠭᠡᠨ ᠤ ᠠᠮᠢ ᠠᠬᠤᠶ ᠶᠢᠨ ᠰᠢᠰᠲ᠋ᠧᠮ ᠢ | ᠲᠡᠭᠦᠯᠳᠡᠷᠵᠢᠭᠦᠯᠵᠦ᠂ ︽ᠤᠶᠤᠨᠲᠤ ᠳᠡᠯᠭᠡᠭᠦᠷ︾ ︽ᠤᠶᠤᠨᠲᠤ ᠵᠡᠭᠡᠯᠢ ᠲᠣᠭᠤᠷᠢᠭ︾ ︽ᠤᠶᠤᠨᠲᠤ | ᠬᠤᠳᠠᠯᠳᠤᠭᠠᠨ ᠤ ᠲᠣᠭᠤᠷᠢᠭ︾ ᠪᠠ ︽ᠲᠣᠭᠠᠴᠢᠯᠠᠭᠰᠠᠨ ᠳᠡᠯᠭᠡᠭᠦᠷ︾ ᠢ ᠬᠥᠭᠵᠢᠭᠦᠯᠦᠨ᠎ᠡ᠃ ᠰᠣᠶᠣᠯ | ᠵᠢᠭᠤᠯᠴᠢᠯᠠᠯ ᠤᠨ ᠲᠣᠭᠠᠴᠢᠯᠠᠭᠰᠠᠨ ᠢᠨᠵᠧᠨᠧᠷᠢᠩ ᠢ ᠬᠡᠷᠡᠭᠵᠢᠭᠦᠯᠵᠦ᠂ ᠰᠣᠶᠣᠯ ᠵᠢᠭᠤᠯᠴᠢᠯᠠᠯ ᠤᠨ ᠲᠣᠭᠠᠴᠢᠯᠠᠭᠰᠠᠨ | ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ 5G᠂ ᠶᠡᠭᠡ ᠳ᠋ᠠᠶᠢᠲ᠋ᠠ᠂ ᠵᠢᠱᠢᠮᠡᠭ ᠠᠬᠤᠶ ᠶᠢᠨ ᠮᠡᠷᠭᠡᠵᠢᠯ ᠤᠨ | ᠰᠦᠯᠵᠢᠶᠡᠨ ᠳᠡᠭᠡᠷᠡᠬᠢ ᠲᠣᠭᠯᠠᠯᠲᠠ ᠨᠡᠪᠲᠡᠷᠡᠭᠦᠯᠭᠡ᠂ ᠮᠦᠽᠧᠶ ᠶᠢᠨ ᠦᠵᠡᠭᠦᠯᠦᠯᠭᠡ᠂ ᠤᠶᠤᠨᠲᠤ ᠦᠵᠡᠮᠵᠢ ᠶᠢᠨ | ᠣᠷᠣᠨ ᠤ ᠴᠣᠭᠴᠠᠯᠠᠯᠲᠠ᠂ ᠰᠣᠶᠣᠯ ᠤᠨ ᠬᠠᠩᠭᠠᠯᠭ᠎ᠠ ᠵᠡᠷᠭᠡ ᠲᠠᠯ᠎ᠠ ᠶᠢᠨ ᠬᠡᠷᠡᠭᠯᠡᠭᠡ ᠶᠢ ᠠᠬᠢᠭᠤᠯᠵᠤ᠂ ᠦᠬᠠᠶ | ᠬᠤᠲᠠ ᠶᠢᠨ ᠤᠶᠤᠨᠲᠤ ᠰᠣᠶᠣᠯ ᠵᠢᠭᠤᠯᠴᠢᠯᠠᠯ ᠤᠨ ᠲᠠᠪᠴᠠᠩ ᠢ ᠰᠦᠯᠵᠢᠶᠡᠨ ᠳᠤ ᠭᠠᠷᠭᠠᠨ᠎ᠠ᠃ ᠤᠯᠠᠨ ᠨᠡᠶᠢᠲᠡ ᠶᠢᠨ | ᠰᠣᠶᠣᠯ ᠤᠨ ᠡᠭᠦᠯᠡᠨ ᠲᠠᠪᠴᠠᠩ ᠤᠨ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠵᠦ᠂ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠲᠠᠯᠠᠪᠠᠢ ᠶᠢ ᠨᠢᠭᠡ ᠯᠡ ᠳᠠᠷᠤᠪᠴᠢ ᠪᠠᠷ ᠬᠠᠶᠢᠬᠤ ᠶᠢ ᠪᠡᠶᠡᠯᠡᠬᠦᠯᠵᠦ᠂ ᠬᠤᠳᠠ ᠶᠢᠨ ᠠᠷᠠᠳ ᠤᠨ | ᠲᠠᠩ ᠬᠡᠯᠪᠡᠷᠢ ᠶᠢᠨ ᠤᠯᠠᠨ ᠨᠡᠶᠢᠲᠡ ᠶᠢᠨ ᠰᠣᠶᠣᠯ᠂ ᠵᠤᠭᠠᠴᠠᠯ ᠰᠡᠯᠡᠭᠦᠴᠡᠯ᠂ ᠪᠡᠶ᠎ᠡ ᠲᠠᠮᠢᠷ ᠤᠨ ᠪᠡᠶ᠎ᠡ | ᠴᠢᠭᠢᠷᠠᠭᠵᠢᠭᠤᠯᠬᠤ ᠬᠡᠷᠡᠭᠴᠡᠭᠡ ᠶᠢ ᠬᠠᠩᠭᠠᠨ᠎ᠠ᠃ ︵ᠬᠠᠷᠢᠭᠤᠴᠠᠯᠭᠠᠲᠤ ᠨᠢᠭᠡᠴᠡ᠄ ᠡᠯ᠎ᠡ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ ᠪᠡᠶ᠎ᠡ | ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ︶ | | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠᠨ ᠴᠢᠩᠭᠠᠳᠬᠠᠨ᠎ᠠ᠃ ᠦᠬᠠᠶ ᠬᠤᠲᠠ ᠶᠢᠨ | ᠭᠤᠷᠪᠠᠳᠤᠭᠠᠷ ᠠᠵᠤ ᠦᠢᠯᠡᠰ ᠤᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠳᠤᠭᠤᠶᠢᠯᠠᠩ ᠤᠨ | ᠳᠠᠷᠤᠭ᠎ᠠ ᠶᠢᠨ ᠲᠤᠰᠢᠶᠠᠯ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ | ᠪᠠᠶᠢᠩᠭᠤ ᠶᠢᠨ ᠳᠡᠳ᠋ ᠳᠠᠷᠤᠭ᠎ᠠ ᠵᠢᠶᠠ ᠴᠢᠩ ᠳ᠋ᠦᠩ ᠡᠭᠦᠷᠭᠡᠯᠡᠵᠦ᠂ ᠳᠤᠭᠤᠶᠢᠯᠠᠩ ᠤᠨ ᠳᠡᠳ᠋ ᠳᠠᠷᠤᠭ᠎ᠠ ᠶᠢᠨ | ᠲᠤᠰᠢᠶᠠᠯ ᠢ ᠬᠤᠲᠠ ᠶᠢᠨ ᠳᠡᠳ᠋ ᠳᠠᠷᠤᠭ᠎ᠠ ᠴᠢᠶᠣᠤ ᠢᠦᠶ᠂ ᠸᠠᠩ ᠵᠢᠶ ᠫᠢᠩ ᠡᠭᠦᠷᠭᠡᠯᠡᠵᠦ᠂ ᠪᠦᠷᠢᠯᠳᠦᠬᠦᠨ ᠢ ᠡᠯ᠎ᠡ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠯᠪᠣᠭᠳᠠᠯ ᠪᠥᠬᠦᠶ ᠨᠢᠭᠡᠴᠡ ᠶᠢᠨ ᠭᠤᠤᠯ | ᠬᠠᠷᠢᠭᠤᠴᠠᠯᠭᠠᠲᠠᠨ ᠢᠶᠠᠷ ᠪᠦᠷᠢᠯᠳᠦᠭᠦᠯᠦᠨ᠎ᠡ᠃ ᠭᠤᠷᠪᠠᠳᠤᠭᠠᠷ ᠠᠵᠤ ᠦᠢᠯᠡᠰ ᠤᠨ ᠠᠵᠢᠯ ᠤᠨ ᠤᠳᠤᠷᠢᠳᠬᠤ | ᠳᠤᠭᠤᠶᠢᠯᠠᠩ ᠤᠨ ᠠᠵᠢᠯ ᠤᠨ ᠲᠣᠭᠲᠠᠴᠠ ᠶᠢ ᠪᠠᠶᠢᠭᠤᠯᠵᠤ᠂ ᠠᠵᠢᠯ ᠤᠨ ᠡᠭᠦᠷᠭᠡ ᠬᠠᠷᠢᠭᠤᠴᠠᠯᠭ᠎ᠠ᠂ ᠠᠵᠢᠯ ᠤᠨ | ᠲᠦᠷᠢᠮ ᠢ ᠲᠣᠳᠣᠷᠬᠠᠶᠢᠯᠠᠨ᠂ ᠡᠯ᠎ᠡ ᠵᠦᠢᠯ ᠤᠨ ᠠᠵᠢᠯ ᠢᠶᠠᠨ ᠪᠣᠳᠠᠲᠠᠶᠢᠵᠢᠭᠤᠯᠬᠤ ᠶᠢ ᠠᠬᠢᠭᠤᠯᠤᠨ᠎ᠠ᠃ ᠡᠯ᠎ᠡ | ᠪᠦᠷᠢᠯᠳᠦᠬᠦᠨ ᠨᠢᠭᠡᠴᠡ ᠨᠦᠭᠦᠳ ᠲᠣᠰ ᠲᠣᠰ ᠤᠨ ᠡᠭᠦᠷᠭᠡ ᠲᠤᠰᠢᠶᠠᠯ ᠢᠶᠠᠨ ᠬᠦᠢᠴᠡᠳᠬᠡᠵᠦ᠂ ᠡᠭᠦᠷᠭᠡ ᠶᠢᠨ | ᠠᠵᠢᠯ ᠤᠨ ᠬᠤᠪᠢᠶᠠᠷᠢᠯᠠᠯ ᠲᠠᠢ ᠪᠠᠨ ᠤᠶᠠᠯᠳᠤᠭᠤᠯᠤᠨ᠂ ᠠᠵᠢᠯ ᠤᠨ ᠲᠥᠯᠥᠪᠯᠡᠭᠡ ᠲᠣᠭᠲᠠᠭᠠᠵᠤ᠂ ᠠᠵᠢᠯ ᠤᠨ | ᠡᠭᠦᠷᠭᠡ ᠪᠠᠨ ᠨᠠᠷᠢᠯᠢᠬᠵᠢᠭᠤᠯᠤᠨ᠂ ᠠᠵᠢᠯ ᠤᠨ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠰᠠᠨᠠᠭᠠᠴᠢᠯᠠᠭ᠎ᠠ ᠠᠴᠠ ᠪᠠᠨ | ᠠᠵᠢᠯᠯᠠᠵᠤ᠂ ᠬᠠᠮᠵᠢᠯᠴᠠᠭ᠎ᠠ ᠪᠠᠨ ᠴᠢᠩᠭᠠᠳᠬᠠᠨ᠂ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠬᠠᠷᠠᠯᠲᠠ ᠶᠢᠨ | ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ | ︵ᠬᠤᠶᠠᠷ︶ ᠬᠦᠴᠦᠨ ᠵᠦᠢᠯ ᠤᠨ ᠪᠠᠲᠤᠯᠠᠭ᠎ᠠ ᠪᠠᠨ ᠴᠢᠩᠭᠠᠳᠬᠠᠨ᠎ᠠ᠃ ᠦᠢᠯᠡᠴᠢᠯᠡᠭᠡᠨ ᠤ ᠦᠢᠯᠡᠰ ᠤᠨ ︽ | ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠵᠤ᠂ ᠠᠵᠢᠯ ᠲᠦᠷᠦᠯ ᠤᠨ ᠣᠷᠣᠬᠤ | ᠵᠥᠪᠰᠢᠶᠡᠷᠡᠯ ᠤᠨ ᠪᠠᠷᠢᠮᠵᠢᠶ᠎ᠠ ᠶᠢ ᠳᠣᠷᠣᠭᠰᠢᠯᠠᠭᠤᠯᠵᠤ᠂ ᠵᠠᠰᠠᠭ ᠵᠠᠬᠢᠷᠭᠠᠨ ᠤ ᠭᠠᠭᠴᠠᠭᠠᠷ ᠡᠵᠡᠮᠰᠢᠯ᠂ ᠠᠵᠢᠯ | ᠲᠦᠷᠦᠯ ᠤᠨ ᠭᠠᠭᠴᠠᠭᠠᠷ ᠡᠵᠡᠮᠰᠢᠯ ᠪᠠ ᠣᠷᠣᠨ ᠨᠤᠲᠤᠭ ᠤᠨ ᠬᠠᠮᠠᠭᠠᠯᠠᠯᠲᠠ ᠶᠢ ᠡᠪᠳᠡᠵᠦ᠂ ᠪᠠᠭᠲᠠᠭᠠᠮᠵᠢᠲᠠᠶ ᠪᠠᠷ | ᠰᠢᠨ᠎ᠡ ᠶᠢ ᠡᠭᠦᠳᠦᠭᠰᠡᠨ ᠬᠢᠨᠠᠨ ᠬᠠᠮᠢᠶᠠᠷᠬᠤ ᠣᠷᠴᠢᠨ ᠲᠤᠭᠤᠷᠢᠨ᠂ ᠲᠥᠪ ᠭᠤᠣᠯᠴᠢ ᠲᠦᠭᠡᠮᠡᠯ ᠬᠠᠷᠠᠭᠠᠯᠵᠠᠯ | ᠦᠵᠡᠭᠦᠯᠬᠦ ᠲᠦᠷᠦ ᠶᠢᠨ ᠪᠤᠳᠤᠯᠭ᠎ᠠ ᠶᠢᠨ ᠣᠷᠴᠢᠨ ᠲᠤᠭᠤᠷᠢᠨ ᠪᠠ ᠲᠥᠪ ᠭᠤᠣᠯᠴᠢ ᠪᠠᠷ ᠥᠷᠢᠰᠥᠯᠳᠦᠬᠦ ᠵᠠᠬ᠎ᠠ | ᠳᠡᠯᠭᠡᠭᠦᠷ ᠤᠨ ᠣᠷᠴᠢᠨ ᠲᠤᠭᠤᠷᠢᠨ ᠢ ᠪᠤᠢ ᠪᠣᠯᠭᠠᠵᠤ᠂ ᠠᠵᠤ ᠠᠬᠤᠶᠢᠯᠠᠯ ᠤᠨ ᠪᠡᠯᠡ ᠮᠥᠩᠭᠦ᠂ ᠮᠡᠷᠭᠡᠵᠢᠯ᠂ | ᠬᠥᠮᠦᠨ ᠤ ᠬᠦᠴᠦᠨ ᠤ ᠡᠬᠢ ᠪᠠᠶᠠᠯᠢᠭ᠂ ᠭᠠᠵᠠᠷ ᠰᠢᠷᠣᠶ ᠬᠡᠷᠡᠭᠯᠡᠬᠦ ᠡᠷᠬᠡ ᠵᠡᠷᠭᠡ ᠡᠯ᠎ᠡ ᠲᠦᠷᠦᠯ ᠤᠨ | ᠦᠢᠯᠡᠳᠪᠦᠷᠢᠯᠡᠯ ᠤᠨ ᠬᠦᠴᠦᠨ ᠵᠦᠢᠯ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ ᠢ ᠬᠠᠤᠯᠢ | ᠶᠣᠰᠣᠭᠠᠷ ᠡᠷᠬᠡ ᠲᠡᠭᠰᠢ ᠪᠠᠷ ᠤᠯᠬᠤ ᠶᠢ ᠪᠠᠲᠤᠯᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠮᠠᠨ ᠤ | ᠬᠤᠲᠠ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠬᠤᠯᠪᠤᠭᠳᠠᠯ ᠪᠥᠬᠦᠶ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠢᠳᠡᠪᠬᠢᠵᠢᠯ ᠢ | ᠤᠯᠠᠮ ᠨᠢᠭᠡ ᠠᠯᠬᠤᠮ ᠬᠥᠭᠵᠢᠭᠡᠨ ᠳᠠᠶᠢᠴᠢᠯᠠᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠦᠢᠯᠡᠴᠢᠯᠡᠭᠡᠨ ᠤ | ᠦᠢᠯᠡᠰ ᠤᠨ ᠡᠯ᠎ᠡ ᠲᠥᠷᠥᠯ ᠤᠨ ᠪᠠᠯᠠ ᠮᠥᠩᠭᠦ ᠶᠢ ᠢᠳᠡᠪᠬᠢᠯᠡᠨ ᠣᠯᠵᠤ᠂ ᠬᠥᠲᠥᠯᠦᠨ ᠳᠠᠭᠠᠭᠤᠯᠵᠤ ᠳᠠᠶᠢᠴᠢᠯᠠᠬᠤ | ᠦᠢᠯᠡᠳᠦᠯ ᠲᠠᠢ ᠴᠢᠨᠠᠷ ᠰᠠᠶᠢᠲᠠᠶ ᠠᠵᠤ ᠠᠬᠤᠶᠢᠯᠠᠯ ᠪᠠ ᠲᠥᠷᠥᠯ ᠵᠦᠢᠯ ᠢ ᠳᠡᠮᠵᠢᠵᠦ᠂ ᠦᠢᠯᠡᠴᠢᠯᠡᠭᠡᠨ ᠤ | ᠦᠢᠯᠡᠰ ᠤᠨ ᠲᠦᠷᠭᠡᠳᠬᠡᠨ ᠬᠥᠭᠵᠢᠭᠦᠯᠬᠦ ᠳᠤ ᠬᠦᠴᠦᠨ ᠨᠡᠮᠡᠷᠢᠯᠡᠨ᠎ᠡ᠃ ︵ᠬᠤᠲᠠ ᠶᠢᠨ ᠭᠤᠷᠪᠠᠳᠤᠭᠠᠷ ᠠᠵᠤ | ᠦᠢᠯᠡᠰ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠨᠦᠭᠦᠳ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠷᠪᠠ︶ ᠲᠤᠭ᠎ᠠ ᠪᠦᠷᠢᠳᠬᠡᠯ ᠤᠨ ᠬᠢᠨᠠᠨ ᠬᠡᠮᠵᠢᠯᠲᠡ ᠪᠠᠨ ᠴᠢᠩᠭᠠᠳᠬᠠᠨ᠎ᠠ᠃ ᠦᠢᠯᠡᠴᠢᠯᠡᠭᠡᠨ ᠤ | ᠦᠢᠯᠡᠰ ᠤᠨ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠪᠠᠨ ᠴᠢᠩᠭᠠᠳᠬᠠᠵᠤ᠂ | ᠦᠢᠯᠡᠴᠢᠯᠡᠭᠡᠨ ᠤ ᠦᠢᠯᠡᠰ ᠤᠨ ᠡᠯ᠎ᠡ ᠲᠤᠰᠬᠠᠶ ᠮᠡᠷᠭᠡᠵᠢᠯ ᠤᠨ ᠲᠤᠭ᠎ᠠ ᠪᠦᠷᠢᠳᠬᠡᠯ ᠤᠨ ᠬᠢᠨᠠᠨ ᠬᠡᠮᠵᠢᠯᠳᠡ ᠶᠢᠨ | ᠡᠷᠴᠢᠮ ᠢᠶᠠᠨ ᠴᠢᠩᠭᠠᠷᠠᠭᠤᠯᠤᠨ᠂ ᠦᠢᠯᠡᠴᠢᠯᠡᠭᠡᠨ ᠤ ᠦᠢᠯᠡᠰ ᠤᠨ ᠬᠦᠢᠴᠡᠳᠬᠡᠯ ᠲᠤᠭ᠎ᠠ ᠶᠢᠨ ᠲᠤᠭ᠎ᠠ | ᠪᠦᠷᠢᠳᠬᠡᠯ ᠤᠨ ᠵᠠᠳᠠᠯᠤᠯᠲᠠ ᠪᠠᠨ ᠴᠢᠩᠭᠠᠷᠠᠭᠤᠯᠵᠤ᠂ ᠤᠯᠠᠷᠢᠯ᠂ ᠣᠨ ᠤ ᠮᠡᠳᠡᠭᠡ ᠵᠠᠩᠭᠢ ᠶᠢ ᠨᠡᠶᠢᠳᠡᠯᠡᠬᠦ ᠲᠦᠷᠢᠮ ᠢ | ᠪᠠᠶᠢᠭᠤᠯᠤᠨ᠎ᠠ᠃ ︵ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠬᠠᠷᠢᠭᠤᠴᠠᠨ᠎ᠠ︶ | ︵ᠳᠥᠷᠪᠡ︶ ᠲᠥᠷᠥᠯ ᠵᠦᠢᠯ ᠤᠨ ᠪᠠᠲᠤᠯᠠᠭ᠎ᠠ ᠪᠠᠨ ᠴᠢᠩᠭᠠᠷᠠᠭᠤᠯᠤᠨ᠎ᠠ᠃ ᠦᠢᠯᠡᠴᠢᠯᠡᠭᠡᠨ ᠤ ᠦᠢᠯᠡᠰ ᠤᠨ | ᠬᠥᠭᠵᠢᠯᠲᠡ ᠶᠢᠨ ᠭᠤᠣᠯᠳᠠᠯᠭ᠎ᠠ ᠲᠠᠢ ᠬᠦᠷᠢᠶ᠎ᠡ ᠪᠠ ᠳᠤᠲᠠᠭᠤᠳᠠᠯ ᠤᠨ ᠲᠣᠭᠤᠷᠢᠨ ᠳᠤ᠂ ᠰᠠᠭᠤᠷᠢ ᠪᠠᠨ ᠪᠠᠲᠤᠳᠬᠠᠬᠤ | ᠂ ᠠᠯᠤᠰ ᠬᠡᠳᠦ ᠳᠤ ᠠᠰᠢᠭᠲᠠᠶ᠂ ᠰᠡᠯᠭᠦᠬᠦ ᠬᠦᠴᠦᠨ ᠢ ᠨᠡᠮᠡᠭᠳᠡᠭᠦᠯᠬᠦ ᠨᠢᠭᠡ ᠪᠦᠯᠦᠭ ᠰᠠᠶᠢᠨ ᠵᠦᠢᠯᠡᠰ᠂ ᠲᠤᠮᠤ 365bet400电话_365bet亚洲官方_www.28365-365.com | ᠵᠦᠢᠯᠡᠰ ᠢ ᠰᠢᠨᠵᠢᠯᠡᠬᠦ ᠤᠬᠠᠭᠠᠨᠴᠢ ᠪᠠᠷ ᠰᠦᠪᠡᠭᠴᠢᠯᠡᠨ ᠨᠥᠭᠡᠴᠡᠯᠡᠵᠦ᠂ ︽ᠨᠢᠭᠡ ᠪᠦᠯᠦᠭ ᠢ ᠨᠥᠭᠡᠴᠡᠯᠡᠬᠦ᠂ ᠨᠢᠭᠡ | ᠪᠦᠯᠦᠭ ᠢ ᠠᠵᠢᠯ ᠡᠬᠢᠯᠡᠭᠦᠯᠬᠦ᠂ ᠨᠢᠭᠡ ᠪᠦᠯᠦᠭ ᠢ ᠪᠦᠳᠦᠭᠡᠨ ᠪᠠᠶᠢᠭᠤᠯᠬᠤ᠂ ᠨᠢᠭᠡ ᠪᠦᠯᠦᠭ ᠢ ᠠᠵᠢᠯ ᠳᠠᠭᠤᠰᠬᠠᠬᠤ︾ | ᠦᠷᠭᠦᠯᠵᠢᠯᠡᠭᠰᠡᠨ ᠬᠥᠭᠵᠢᠯᠲᠡ ᠶᠢᠨ ᠪᠠᠶᠢᠷᠢᠰᠢᠯ ᠢ ᠪᠤᠢ ᠪᠣᠯᠭᠠᠬᠤ ᠶᠢ ᠲᠦᠯᠬᠢᠨ ᠠᠬᠢᠭᠤᠯᠤᠨ᠎ᠠ᠃ ᠬᠤᠳᠠᠯᠳᠤᠭᠠᠴᠢᠨ | ᠤᠷᠢᠵᠤ ᠪᠠᠯᠠ ᠣᠷᠣᠭᠤᠯᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠨᠠᠶᠢᠳᠠᠯᠭ᠎ᠠ ᠪᠠᠷ ᠬᠤᠳᠠᠯᠳᠤᠭᠠᠴᠢᠨ | ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠬᠠᠷᠠᠯᠲᠠᠲᠤ ᠠᠵᠤ ᠠᠬᠤᠶᠢᠯᠠᠯ ᠯᠤᠭ᠎ᠠ ᠵᠣᠯᠭᠠᠭᠤᠯᠬᠤ ᠪᠠᠨ ᠴᠢᠩᠭᠠᠳᠬᠠᠵᠤ᠂ ᠦᠢᠯᠡᠴᠢᠯᠡᠭᠡᠨ ᠤ ᠦᠢᠯᠡᠰ ᠤᠨ | ᠲᠥᠷᠥᠯ ᠵᠦᠢᠯ ᠢ ᠨᠠᠶᠢᠳᠠᠪᠤᠷᠢᠵᠢᠭᠤᠯᠤᠨ ᠠᠵᠢᠯᠯᠠᠭᠤᠯᠬᠤ ᠶᠢ ᠠᠬᠢᠭᠤᠯᠤᠨ᠎ᠠ᠃ ︵ᠬᠤᠲᠠ ᠶᠢᠨ ᠭᠤᠷᠪᠠᠳᠤᠭᠠᠷ ᠠᠵᠤ | ᠦᠢᠯᠡᠰ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠨᠦᠭᠦᠳ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | | ᠳᠠᠭᠠᠯᠳᠤᠭᠤᠯᠤᠯ᠄ ᠦᠬᠠᠶ ᠬᠤᠲᠠ ᠶᠢᠨ ᠭᠤᠷᠪᠠᠳᠤᠭᠠᠷ ᠠᠵᠤ ᠦᠢᠯᠡᠰ ᠤᠨ ᠠᠵᠢᠯ ᠤᠨ ᠤᠳᠤᠷᠢᠳᠬᠤ | ᠳᠤᠭᠤᠶᠢᠯᠠᠩ | | | ᠳᠠᠭᠠᠯᠳᠤᠭᠤᠯᠤᠯ | | ᠦᠬᠠᠶ ᠬᠤᠲᠠ ᠶᠢᠨ ᠭᠤᠷᠪᠠᠳᠤᠭᠠᠷ ᠠᠵᠤ ᠦᠢᠯᠡᠰ ᠤᠨ ᠠᠵᠢᠯ ᠤᠨ ᠤᠳᠤᠷᠢᠳᠬᠤ ᠳᠤᠭᠤᠶᠢᠯᠠᠩ | | ᠮᠠᠨ ᠤ ᠬᠤᠲᠠ ᠶᠢᠨ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ | ᠭᠤᠷᠪᠠᠳᠤᠭᠠᠷ ᠠᠵᠤ ᠦᠢᠯᠡᠰ ᠤᠨ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠪᠠᠨ ᠦᠨᠡᠨᠬᠦ ᠴᠢᠩᠭᠠᠳᠬᠠᠬᠤ ᠶᠢᠨ ᠲᠤᠰᠠᠳᠠ᠂ ᠬᠤᠲᠠ ᠶᠢᠨ ᠵᠠᠰᠠᠭ ᠤᠨ ᠣᠷᠳᠣᠨ ᠤ | ᠰᠤᠳᠤᠯᠤᠯᠲᠠ ᠪᠠᠷ ᠳᠠᠮᠵᠢᠨ᠂ ᠦᠬᠠᠶ ᠬᠤᠲᠠ ᠶᠢᠨ ᠭᠤᠷᠪᠠᠳᠤᠭᠠᠷ ᠠᠵᠤ ᠦᠢᠯᠡᠰ ᠤᠨ ᠠᠵᠢᠯ ᠤᠨ ᠤᠳᠤᠷᠢᠳᠬᠤ | ᠳᠤᠭᠤᠶᠢᠯᠠᠩ ᠪᠠᠶᠢᠭᠤᠯᠬᠤ ᠪᠠᠷ ᠲᠣᠭᠲᠠᠪᠠ᠃ ᠪᠦᠷᠢᠯᠳᠦᠬᠦᠨ ᠨᠢ ᠳᠣᠣᠷᠠᠬᠢ ᠮᠡᠲᠦ᠄ | | ᠨᠢᠭᠡ᠂ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ | ᠳᠤᠭᠤᠶᠢᠯᠠᠩ ᠤᠨ ᠳᠠᠷᠤᠭ᠎ᠠ᠄ | ᠵᠢᠶᠠ ᠴᠢᠩ ᠳ᠋ᠦᠩ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ | ᠪᠠᠶᠢᠩᠭᠤ ᠶᠢᠨ ᠳᠡᠳ᠋ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ | ᠴᠢᠶᠣᠤ ᠢᠦᠶ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ | ᠸᠠᠩ ᠵᠢᠶ ᠫᠢᠩ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ | ᠪᠦᠷᠢᠯᠳᠦᠬᠦᠨ᠄ | ᠼᠦᠢ ᠬᠤᠩ ᠪᠥᠸᠧ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠣᠷᠳᠣᠨ ᠤ ᠳᠠᠷᠤᠭ᠎ᠠ | ᠯᠢᠦ ᠬᠤ᠋ ᠤᠳᠠ ᠲᠤᠭᠤᠷᠢᠭ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ | ᠯᠢᠦ ᠪᠢᠩ ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠳᠠᠷᠤᠭ᠎ᠠ | ᠭᠤᠤ ᠪᠦᠸᠧ ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠴᠢᠶᠣᠤ ᠲᠢᠶᠠᠨ ᠹᠧᠩ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ | ᠱᠢ ᠭᠦᠸᠧ ᠾᠦᠢ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠ | ᠶᠠᠩ ᠴᠢᠩ ᠶᠤᠸᠠᠨ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ | ᠳᠠᠷᠤᠭ᠎ᠠ | ᠭᠦᠸᠧ ᠵᠧᠨ ᠯᠢᠶᠠᠨ ᠬᠤᠲᠠ ᠶᠢᠨ ᠠᠷᠠᠳ ᠤᠨ ᠤᠯᠤᠰ ᠲᠥᠷᠥ ᠶᠢᠨ ᠲᠣᠪᠴᠢᠶᠠᠨ ᠤ | ᠵᠤᠤ ᠺᠦᠩ ᠵᠠᠩ ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ | ᠳ᠋ᠦᠩ ᠶᠤᠸᠠᠢ ᠹᠸᠢ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ | ᠶᠠᠩ ᠰᠢᠤᠸᠠᠢ ᠹᠧᠩ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ | ᠯᠢᠦ ᠴᠠᠩ ᠾᠦᠢ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ | ᠱᠢ ᠳ᠋ᠡ ᠶᠦᠩ ᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠ | ᠯᠢᠦ ᠳ᠋ᠧ ᠼᠦᠢ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠳᠠᠷᠤᠭ᠎ᠠ | ᠦ᠋ ᠹᠧᠩ ᠿᠦᠩ ᠬᠤᠲᠠ ᠶᠢᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶᠠᠨ ᠤ ᠳᠠᠷᠤᠭ᠎ᠠ | ᠿᠧᠨ ᠵᠢᠶ ᠬᠤᠸᠠ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ | ᠰᠢᠤᠢ ᠪᠢᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ | ᠵᠣᠣ ᡁᠢ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶᠠᠨ ᠤ ᠳᠠᠷᠤᠭ᠎ᠠ | ᠵᠠᠩ ᠶᠦᠩ ᠴᠢᠶᠠᠩ ᠬᠤᠲᠠ ᠶᠢᠨ ᠵᠠᠰᠠᠭ ᠤᠨ ᠣᠷᠳᠣᠨ ᠤ ᠮᠥᠩᠭᠦᠨ ᠬᠦᠢᠯᠭᠡᠭᠡᠨ ᠤ ᠠᠵᠢᠯ ᠤᠨ ᠠᠯᠪᠠᠨ | ᠭᠡᠷ ᠤᠨ ᠡᠷᠭᠢᠯᠡᠭᠴᠢ | ᠶᠦᠨ ᠰᠢᠶᠠ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ | ᠵᠧᠩ ᠯᠢᠨ ᠬᠤ᠋ ᠬᠤᠲᠠ ᠶᠢᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ | ᠲᠣᠪᠴᠢᠶᠠᠨ ᠤ ᠳᠠᠷᠤᠭ᠎ᠠ | ᠴᠢᠶᠠᠨ ᠵᠢᠶᠠᠨ ᠭᠦᠸᠧ ᠬᠤᠲᠠ ᠶᠢᠨ ᠶᠡᠭᠡ ᠳ᠋ᠠᠶᠢᠲ᠋ᠠ ᠶᠢᠨ ᠲᠥᠪ ᠤᠨ ᠡᠷᠬᠢᠯᠡᠭᠴᠢ | ᠵᠣᠣ ᠹᠧᠩ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠤᠪᠴᠢᠶᠠᠨ ᠤ ᠦᠬᠠᠶ ᠬᠤᠲᠠ ᠶᠢᠨ | ᠭᠠᠶᠢᠯᠢ ᠶᠢᠨ ᠶᠠᠪᠤᠳᠠᠯ ᠤᠨ ᠲᠤᠪᠴᠢᠶᠠᠨ ᠤ ᠲᠠᠷᠤᠭ᠎ᠠ | ᠯᠢᠦᠶ ᠶᠦᠩ ᠰᠢᠶᠠᠩ ᠠᠷᠠᠳ ᠤᠨ ᠪᠠᠩᠬᠢ ᠶᠢᠨ ᠦᠬᠠᠶ ᠬᠤᠲᠠ ᠶᠢᠨ ᠲᠥᠪ ᠰᠠᠯᠪᠤᠷᠢ ᠪᠠᠩᠬᠢ ᠶᠢᠨ | ᠳᠠᠷᠤᠭ᠎ᠠ | ᠶᠤᠸᠠᠨ ᠰᠢᠶᠤᠤ ᠬᠤᠩ ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ | ᠯᠢᠦ ᠵᠢᠶᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠭᠠᠷ ᠤᠨ ᠠᠶᠠᠯᠠᠯ | ᠤᠨ ᠨᠢᠰᠭᠡᠯ ᠤᠨ ᠪᠠᠭᠤᠳᠠᠯ ᠤᠨ ᠪᠦᠯᠦᠭᠯᠡᠯᠲᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠬᠠᠶ ᠶᠢᠨ ᠬᠤᠪᠢᠶᠠᠷᠢ | ᠺᠣᠮᠫᠠᠨᠢ ᠶᠢᠨ ᠶᠡᠷᠦᠩᠬᠡᠶ ᠳᠠᠭᠠᠭᠠᠮᠠᠯ | ᠳ᠋ᠦ᠋ ᠭᠦᠸᠧ ᠰᠢᠩ ᠬᠥᠬᠡᠬᠤᠲᠠ ᠶᠢᠨ ᠲᠡᠮᠦᠷ ᠵᠠᠮ ᠤᠨ ᠲᠤᠪᠴᠢᠶᠠᠨ ᠤ ᠦᠬᠠᠶ ᠶᠢᠨ ᠲᠡᠷᠭᠡᠨ ᠤ | ᠶᠠᠪᠤᠳᠠᠯ ᠤᠨ ᠬᠡᠰᠡᠭ ᠤᠨ ᠳᠠᠷᠤᠭ᠎ᠠ | | ᠬᠤᠶᠠᠷ᠂ ᠠᠵᠢᠯ ᠤᠨ ᠡᠭᠦᠷᠭᠡ ᠬᠠᠷᠢᠭᠤᠴᠠᠯᠭ᠎ᠠ | ︵ᠨᠢᠭᠡ︶ ᠤᠳᠤᠷᠢᠳᠬᠤ ᠳᠤᠭᠤᠶᠢᠯᠠᠩ ᠤᠨ ᠡᠭᠦᠷᠭᠡ ᠬᠠᠷᠢᠭᠤᠴᠠᠯᠭ᠎ᠠ᠃ ᠪᠥᠬᠦ ᠬᠤᠲᠠ ᠶᠢᠨ ᠭᠤᠷᠪᠠᠳᠤᠭᠠᠷ | ᠠᠵᠤ ᠦᠢᠯᠡᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠪᠠ ᠶᠡᠷᠦᠩᠬᠡᠶᠢᠯᠡᠭᠰᠡᠨ | ᠴᠢᠨᠠᠷᠲᠠᠶ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠨ᠎ᠠ︔ ᠪᠥᠬᠦ ᠬᠤᠲᠠ ᠶᠢᠨ ᠭᠤᠷᠪᠠᠳᠤᠭᠠᠷ ᠠᠵᠤ | ᠦᠢᠯᠡᠰ ᠤᠨ ᠣᠨ ᠤ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠤᠨ᠎ᠠ︔ ᠪᠦᠬᠦ ᠬᠤᠳᠠ ᠶᠢᠨ ᠭᠤᠷᠪᠠᠳᠤᠭᠠᠷ ᠠᠵᠤ | ᠦᠢᠯᠡᠰ ᠤᠨ ᠬᠥᠭᠵᠢᠯᠲᠡ ᠶᠢᠨ ᠪᠠᠶᠢᠳᠠᠯ ᠢ ᠵᠠᠳᠠᠯᠵᠤ᠂ ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ | ᠵᠣᠬᠢᠴᠠᠭᠤᠯᠤᠨ ᠰᠢᠢᠳᠪᠦᠷᠢᠯᠡᠵᠦ᠂ ᠬᠤᠳᠠ ᠶᠢᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠳᠤ ᠭᠤᠷᠪᠠᠳᠤᠭᠠᠷ | ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠠᠵᠢᠯ ᠤᠨ ᠲᠤᠬᠠᠶ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ | ᠳᠤᠷᠠᠳᠤᠨ᠎ᠠ︔ ᠭᠤᠷᠪᠠᠳᠤᠭᠠᠷ ᠠᠵᠤ ᠦᠢᠯᠡᠰ ᠤᠨ ᠭᠤᠤᠯᠳᠠᠯᠭ᠎ᠠ ᠲᠠᠢ ᠠᠵᠢᠯ ᠪᠣᠯᠤᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠨ᠎ᠠ᠃ | ︵ᠬᠤᠶᠠᠷ︶ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠡᠭᠦᠷᠭᠡ ᠬᠠᠷᠢᠭᠤᠴᠠᠯᠭ᠎ᠠ᠃ ᠤᠳᠤᠷᠢᠳᠬᠤ | ᠳᠤᠭᠤᠶᠢᠯᠠᠩ ᠤᠨ ᠠᠯᠪᠠᠨ ᠬᠡᠷ ᠢ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ | ᠪᠠᠶᠢᠷᠢᠯᠠᠭᠤᠯᠵᠤ᠂ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠭᠤᠤ ᠪᠥᠸᠧ ᠨᠥᠬᠦᠷ ᠬᠠᠪᠰᠤᠷᠭᠠᠨ | ᠬᠠᠷᠢᠭᠤᠴᠠᠨ᠎ᠠ᠃ ᠲᠦᠷᠦᠭᠦᠯᠡᠨ ᠡᠯ᠎ᠡ ᠪᠦᠷᠢᠯᠳᠦᠬᠦᠨ ᠨᠢᠭᠡᠴᠡ ᠲᠠᠢ ᠬᠠᠮᠲᠤᠷᠠᠨ ᠪᠥᠬᠦ ᠬᠤᠲᠠ ᠶᠢᠨ ᠭᠤᠷᠪᠠᠳᠤᠭᠠᠷ | ᠠᠵᠤ ᠦᠢᠯᠡᠰ ᠤᠨ ᠬᠥᠭᠵᠢᠯᠲᠡ ᠶᠢᠨ ᠶᠡᠷᠦᠩᠬᠡᠶᠢᠯᠡᠭᠰᠡᠨ ᠴᠢᠨᠠᠷᠲᠠᠶ ᠲᠥᠷᠥ ᠶᠢᠨ ᠪᠣᠳᠣᠯᠭ᠎ᠠ ᠶᠢ ᠰᠤᠳᠤᠯᠤᠨ | ᠲᠣᠭᠲᠠᠭᠠᠬᠤ ᠶᠢ ᠬᠠᠷᠢᠭᠤᠴᠠᠨ᠎ᠠ︔ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠶᠢᠨ ᠣᠨ ᠤ | ᠠᠵᠢᠯ ᠤᠨ ᠭᠤᠣᠯᠳᠠᠯᠭ᠎ᠠ ᠶᠢ ᠦᠨᠳᠦᠰᠦᠯᠡᠨ᠂ ᠪᠦᠬᠦ ᠬᠤᠲᠠ ᠶᠢᠨ ᠭᠤᠷᠪᠠᠳᠤᠭᠠᠷ ᠠᠵᠤ ᠦᠢᠯᠡᠰ ᠤᠨ ᠣᠨ ᠤ | ᠠᠵᠢᠯ ᠤᠨ ᠭᠤᠣᠯᠳᠠᠯᠭ᠎ᠠ ᠶᠢ ᠲᠤᠷᠠᠳᠣᠨᠠ︔ ᠡᠯ᠎ᠡ ᠪᠦᠷᠢᠯᠳᠦᠬᠦᠨ ᠨᠢᠭᠡᠴᠡ ᠶᠢᠨ ᠣᠨ ᠤ ᠠᠵᠢᠯ ᠤᠨ | ᠳ᠋ᠦᠩᠨᠡᠯᠲᠡ ᠶᠢ ᠰᠤᠳᠤᠯᠤᠨ ᠬᠤᠷᠢᠶᠠᠩᠭᠤᠶᠢᠯᠠᠭᠰᠠᠨ ᠰᠠᠭᠤᠷᠢᠨ ᠳᠡᠭᠡᠷ᠎ᠡ᠂ ᠭᠤᠷᠪᠠᠳᠤᠭᠠᠷ ᠠᠵᠤ ᠦᠢᠯᠡᠰ ᠤᠨ | ᠣᠨ ᠤ ᠬᠥᠭᠵᠢᠯᠲᠡ ᠶᠢᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠨ᠎ᠠ︔ ᠤᠳᠤᠷᠢᠳᠬᠤ ᠳᠤᠭᠤᠶᠢᠯᠠᠩ ᠤᠨ | ᠠᠵᠢᠯ ᠤᠨ ᠬᠤᠷᠠᠯ᠂ ᠭᠤᠷᠪᠠᠳᠤᠭᠠᠷ ᠠᠵᠤ ᠦᠢᠯᠡᠰ ᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ ᠬᠤᠷᠠᠯ | ᠵᠡᠷᠭᠡ ᠶᠢ ᠵᠣᠬᠢᠶᠠᠨ ᠪᠠᠶᠢᠭᠤᠯᠵᠤ ᠬᠤᠷᠠᠯᠳᠤᠭᠤᠯᠤᠨ᠎ᠠ᠃ | ︵ᠭᠤᠷᠪᠠ︶ ᠡᠯ᠎ᠡ ᠪᠦᠷᠢᠯᠳᠦᠬᠦᠨ ᠨᠢᠭᠡᠴᠡ ᠶᠢᠨ ᠡᠭᠦᠷᠭᠡ ᠬᠠᠷᠢᠭᠤᠴᠠᠯᠭ᠎ᠠ᠃ ᠲᠤᠰ ᠠᠵᠢᠯ | ᠲᠦᠷᠦᠯ ᠤᠨ ᠢᠶᠠᠨ ᠬᠥᠭᠵᠢᠯᠲᠡ ᠶᠢᠨ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢ ᠰᠤᠳᠤᠯᠤᠨ | ᠲᠣᠭᠲᠠᠭᠠᠬᠤ ᠶᠢ ᠬᠠᠷᠢᠭᠤᠴᠠᠨ᠎ᠠ︔ ᠲᠣᠰ ᠠᠵᠢᠯ ᠲᠥᠷᠥᠯ ᠤᠨ ᠣᠨ ᠤ ᠠᠵᠢᠯ ᠤᠨ ᠲᠥᠯᠥᠪᠯᠡᠭᠡ ᠶᠢ ᠲᠣᠭᠲᠠᠭᠠᠵᠤ᠂ | ᠭᠤᠷᠪᠠᠳᠤᠭᠠᠷ ᠠᠵᠤ ᠦᠢᠯᠡᠰ ᠤᠨ ᠣᠨ ᠤ ᠠᠵᠢᠯ ᠤᠨ ᠭᠤᠤᠯᠳᠠᠯᠭ᠎ᠠ ᠶᠢᠨ ᠶᠣᠰᠣᠭᠠᠷ᠂ ᠠᠵᠢᠯ ᠤᠨ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ︔ ᠤᠯᠠᠷᠢᠯ ᠢᠶᠠᠷ ᠲᠣᠰ ᠠᠵᠢᠯ ᠲᠥᠷᠥᠯ ᠤᠨ ᠢᠶᠠᠨ | ᠬᠥᠭᠵᠢᠯᠲᠡ ᠶᠢᠨ ᠪᠠᠶᠢᠳᠠᠯ ᠢ ᠵᠠᠳᠠᠯᠵᠤ᠂ ᠬᠤᠯᠪᠤᠭᠳᠠᠯ ᠪᠥᠬᠦᠶ ᠠᠵᠢᠯ ᠪᠠ ᠲᠥᠷᠥ ᠶᠢᠨ ᠪᠣᠳᠣᠯᠭ᠎ᠠ ᠶᠢᠨ | ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ︔ ᠲᠣᠰ ᠠᠵᠢᠯ ᠲᠥᠷᠥᠯ ᠤᠨ ᠣᠨ ᠤ ᠬᠥᠭᠵᠢᠯᠲᠡ ᠶᠢᠨ | ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ᠂ ᠠᠵᠢᠯ ᠲᠥᠷᠥᠯ ᠤᠨ ᠬᠥᠭᠵᠢᠯᠲᠡ ᠵᠢᠴᠢ ᠠᠵᠢᠯ ᠤᠨ ᠠᠬᠢᠴᠠ ᠶᠢᠨ | ᠪᠠᠶᠢᠳᠠᠯ ᠢᠶᠠᠨ ᠪᠥᠬᠦ ᠲᠠᠯ᠎ᠠ ᠪᠠᠷ ᠳ᠋ᠦᠩᠨᠡᠬᠦ ᠶᠢᠨ ᠬᠠᠮᠲᠤ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ | ᠮᠡᠳᠡᠬᠦᠯᠦᠨ᠎ᠡ᠃ | | ᠭᠤᠷᠪᠠ᠂ ᠠᠵᠢᠯ ᠤᠨ ᠲᠦᠷᠢᠮ | ︵ᠨᠢᠭᠡ︶ ᠤᠳᠤᠷᠢᠳᠬᠤ ᠳᠤᠭᠤᠶᠢᠯᠠᠩ ᠤᠨ ᠠᠵᠢᠯ ᠤᠨ ᠬᠤᠷᠠᠯ ᠤᠨ ᠲᠦᠷᠢᠮ᠃ ᠤᠳᠤᠷᠢᠳᠬᠤ | ᠳᠤᠭᠤᠶᠢᠯᠠᠩ ᠤᠨ ᠠᠵᠢᠯ ᠤᠨ ᠬᠤᠷᠠᠯ ᠢ ᠵᠠᠷᠴᠢᠮ ᠳᠡᠭᠡᠷ᠎ᠡ ᠪᠠᠨ ᠵᠢᠯ ᠪᠦᠷᠢ ᠨᠢᠭᠡ ᠤᠳᠠᠭ᠎ᠠ ᠬᠤᠷᠠᠯᠳᠤᠭᠤᠯᠤᠨ᠎ᠠ᠂ | ᠠᠵᠢᠯ ᠤᠨ ᠬᠡᠷᠡᠭᠴᠡᠭᠡ ᠪᠠᠨ ᠦᠨᠳᠦᠰᠦᠯᠡᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠰᠠᠨᠠᠭᠤᠯᠭ᠎ᠠ | ᠳᠤᠷᠠᠳᠴᠤ᠂ ᠤᠳᠤᠷᠢᠳᠬᠤ ᠳᠤᠭᠤᠶᠢᠯᠠᠩ ᠤᠨ ᠳᠠᠷᠤᠭ᠎ᠠ ᠪᠠᠷ ᠵᠥᠪᠰᠢᠶᠡᠷᠡᠭᠦᠯᠦᠭᠰᠡᠨ ᠤ ᠲᠠᠷᠠᠭ᠎ᠠ ᠲᠤᠰᠬᠠᠶ | ᠰᠡᠳᠦᠪᠲᠦ ᠬᠤᠷᠠᠯ ᠢ ᠬᠤᠷᠠᠯᠳᠤᠭᠤᠯᠤᠭᠰᠠᠨ ᠴᠤ ᠪᠣᠯᠤᠨ᠎ᠠ︔ ᠤᠳᠤᠷᠢᠳᠬᠤ ᠳᠤᠭᠤᠶᠢᠯᠠᠩ ᠤᠨ ᠠᠵᠢᠯ ᠤᠨ | ᠬᠤᠷᠠᠯ ᠠᠴᠠ ᠰᠤᠳᠤᠯᠤᠨ ᠲᠣᠭᠲᠠᠭᠠᠭᠰᠠᠨ ᠵᠦᠢᠯᠡᠰ ᠢ ᠬᠤᠷᠠᠯ ᠤᠨ ᠲᠠᠷᠠᠭ᠎ᠠ ᠤᠳᠤᠷᠢᠳᠬᠤ ᠳᠤᠭᠤᠶᠢᠯᠠᠩ ᠤᠨ | ᠠᠯᠪᠠᠨ ᠭᠡᠷ ᠠᠴᠠ ᠡᠮᠬᠢᠳᠬᠡᠨ ᠬᠤᠷᠠᠯ ᠤᠨ ᠲᠣᠪᠴᠢ ᠲᠡᠮᠳᠡᠭᠯᠡᠯ ᠪᠣᠯᠭᠠᠵᠤ᠂ ᠡᠯ᠎ᠡ ᠪᠦᠷᠢᠯᠳᠦᠬᠦᠨ ᠨᠢᠭᠡᠴᠡ ᠳᠤ | ᠳᠠᠷᠤᠮᠠᠯᠯᠠᠨ ᠲᠠᠷᠬᠠᠭᠠᠬᠤ ᠶᠢᠨ ᠬᠠᠮᠲᠤ ᠬᠠᠷᠢᠭᠤᠴᠠᠨ ᠵᠣᠬᠢᠴᠠᠭᠤᠯᠬᠤ᠂ ᠰᠢᠮᠳᠠᠭᠤᠯᠤᠨ ᠬᠢᠯᠭᠡᠬᠦ ᠪᠠ ᠰᠢᠮᠳᠠᠭᠤᠯᠤᠨ | ᠨᠠᠶᠢᠳᠠᠪᠤᠷᠢᠵᠢᠭᠤᠯᠤᠨ᠎ᠠ᠃ | ︵ᠬᠤᠶᠠᠷ︶ ᠤᠳᠤᠷᠢᠳᠬᠤ ᠳᠤᠭᠤᠶᠢᠯᠠᠩ ᠤᠨ ᠰᠢᠮᠳᠠᠭᠤᠯᠤᠨ ᠪᠠᠶᠢᠴᠠᠭᠠᠬᠤ ᠲᠦᠷᠢᠮ᠃ ᠤᠳᠤᠷᠢᠳᠬᠤ | ᠳᠤᠭᠤᠶᠢᠯᠠᠩ ᠨᠢ ᠡᠯ᠎ᠡ ᠪᠦᠷᠢᠯᠳᠦᠬᠦᠨ ᠨᠢᠭᠡᠴᠡ ᠶᠢᠨ ᠣᠨ ᠤ ᠭᠤᠤᠯᠳᠠᠯᠭ᠎ᠠ ᠲᠠᠢ ᠠᠵᠢᠯ ᠢ ᠪᠡᠶᠡᠯᠡᠭᠦᠯᠦᠭᠰᠡᠨ ᠪᠠᠶᠢᠳᠠᠯ | ᠪᠠ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠣᠨ ᠢᠶᠠᠷ ᠰᠢᠮᠳᠠᠭᠤᠯᠤᠨ ᠪᠠᠶᠢᠴᠠᠭᠠᠯᠲᠠ | ᠬᠢᠵᠦ᠂ ᠰᠢᠮᠳᠠᠭᠤᠯᠤᠨ ᠪᠠᠶᠢᠴᠠᠭᠠᠭᠰᠠᠨ ᠦᠷ᠎ᠡ ᠳ᠋ᠦᠩ ᠢᠶᠠᠨ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ | ᠣᠷᠳᠣᠨ ᠳᠤ ᠮᠡᠳᠡᠬᠦᠯᠦᠨ᠎ᠡ᠃ | ︵ᠭᠤᠷᠪᠠ︶ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠠᠵᠢᠯ ᠤᠨ ᠮᠡᠳᠡᠭᠦᠯᠦᠯᠲᠡ ᠶᠢᠨ | ᠲᠦᠷᠢᠮ᠃ ᠵᠢᠯ ᠪᠦᠷᠢ ᠶᠢᠨ ᠵᠢᠯ ᠤᠨ ᠰᠡᠭᠦᠯᠴᠢ ᠠᠴᠠ ᠡᠮᠦᠨ᠎ᠡ᠂ ᠡᠯ᠎ᠡ ᠪᠦᠷᠢᠯᠳᠦᠬᠦᠨ ᠨᠢᠭᠡᠴᠡ ᠨᠦᠭᠦᠳ ᠣᠨ ᠤ | ᠠᠵᠢᠯ ᠤᠨ ᠮᠡᠳᠡᠭᠦᠯᠦᠯᠲᠡ ᠵᠢᠴᠢ ᠳᠠᠷᠠᠭ᠎ᠠ ᠵᠢᠯ ᠤᠨ ᠠᠵᠢᠯ ᠤᠨ ᠭᠤᠤᠯᠳᠠᠯᠭ᠎ᠠ᠂ ᠬᠠᠷᠠᠯᠲᠠ ᠪᠠᠨ ᠤᠳᠤᠷᠢᠳᠬᠤ | ᠳᠤᠭᠤᠶᠢᠯᠠᠩ ᠤᠨ ᠠᠯᠪᠠᠨ ᠬᠡᠷ ᠲᠤ ᠮᠡᠳᠡᠭᠦᠯᠦᠨ ᠬᠦᠷᠭᠡᠨ᠎ᠡ︔ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ | ᠪᠥᠬᠦ ᠬᠤᠲᠠ ᠶᠢᠨ ᠭᠤᠷᠪᠠᠳᠤᠭᠠᠷ ᠠᠵᠤ ᠦᠢᠯᠡᠰ ᠤᠨ ᠣᠨ ᠤ ᠬᠥᠭᠵᠢᠯᠲᠡ ᠶᠢᠨ ᠮᠡᠳᠡᠭᠦᠯᠦᠯᠲᠡ ᠵᠢᠴᠢ ᠳᠠᠷᠠᠭ᠎ᠠ | ᠨᠢᠭᠡ ᠵᠢᠯ ᠤᠨ ᠠᠵᠢᠯ ᠤᠨ ᠭᠤᠤᠯᠳᠠᠯᠭ᠎ᠠ ᠶᠢ ᠬᠤᠷᠢᠶᠠᠩᠭᠤᠶᠢᠯᠠᠨ ᠨᠠᠶᠢᠷᠠᠭᠤᠯᠵᠤ᠂ ᠤᠳᠤᠷᠢᠳᠬᠤ ᠳᠤᠭᠤᠶᠢᠯᠠᠩ ᠤᠨ | ᠠᠵᠢᠯ ᠤᠨ ᠬᠤᠷᠠᠯ ᠳᠤ ᠳᠡᠪᠰᠢᠭᠦᠯᠦᠨ ᠰᠤᠳᠤᠯᠤᠭᠤᠯᠤᠨ᠎ᠠ︔ ᠵᠢᠯ ᠪᠦᠷᠢ ᠶᠢᠨ 7 ᠰᠠᠷ᠎ᠠ ᠶᠢᠨ 10 ᠤ ᠡᠳᠦᠷ ᠠᠴᠠ | ᠡᠮᠦᠨ᠎ᠡ᠂ ᠡᠯ᠎ᠡ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠨᠦᠭᠦᠳ ᠬᠠᠭᠠᠰ ᠵᠢᠯ ᠤᠨ ᠲᠤᠲᠤᠷᠠᠭᠢ | ᠲᠣᠰ ᠠᠵᠢᠯ ᠲᠥᠷᠥᠯ ᠤᠨ ᠬᠥᠭᠵᠢᠯᠲᠡ ᠶᠢᠨ ᠪᠠᠶᠢᠳᠠᠯ᠂ ᠭᠤᠤᠯᠳᠠᠯᠭ᠎ᠠ ᠲᠠᠢ ᠠᠵᠢᠯ ᠥᠷᠨᠢᠭᠦᠯᠦᠭᠰᠡᠨ ᠪᠠᠶᠢᠳᠠᠯ ᠵᠢᠴᠢ | ᠲᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠬᠡᠮᠵᠢᠶ᠎ᠡ ᠪᠠᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ | ᠮᠡᠳᠡᠭᠦᠯᠦᠨ ᠬᠦᠷᠭᠡᠵᠦ᠂ ᠪᠥᠬᠦ ᠬᠤᠲᠠ ᠶᠢᠨ ᠭᠤᠷᠪᠠᠳᠤᠭᠠᠷ ᠠᠵᠤ ᠦᠢᠯᠡᠰ ᠤᠨ ᠬᠠᠭᠠᠰ ᠵᠢᠯ ᠤᠨ ᠵᠠᠳᠠᠯᠤᠯᠲᠠ ᠶᠢᠨ | ᠮᠡᠳᠡᠭᠦᠯᠦᠯᠲᠡ ᠶᠢ ᠬᠤᠷᠢᠶᠠᠩᠭᠤᠶᠢᠯᠠᠨ ᠨᠠᠶᠢᠷᠠᠭᠤᠯᠵᠤ᠂ ᠤᠳᠤᠷᠢᠳᠬᠤ ᠳᠤᠭᠤᠶᠢᠯᠠᠩ ᠳᠤ ᠮᠡᠳᠡᠭᠦᠯᠦᠨ ᠬᠦᠷᠭᠡᠵᠦ | ᠬᠢᠨᠠᠭᠤᠯᠤᠨ ᠰᠤᠳᠤᠯᠤᠭᠤᠯᠤᠨ᠎ᠠ︔ ︽︿ᠦᠬᠠᠶ ᠬᠤᠲᠠ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ | ᠬᠤᠯᠪᠤᠭᠳᠠᠯ ᠪᠥᠬᠦᠶ ᠬᠦᠢᠴᠡᠳᠬᠡᠯ ᠲᠤᠭ᠎ᠠ ᠪᠠ ᠪᠠᠶᠢᠳᠠᠯ ᠢ ᠳᠣᠭᠢᠷᠠᠭᠤᠯᠬᠤ ᠠᠵᠢᠯ ᠤᠨ ᠲᠥᠰᠦᠯ﹀ ᠢ ᠳᠠᠷᠤᠮᠠᠯᠯᠠᠨ | ᠶᠠᠪᠤᠭᠤᠯᠬᠤ ᠲᠤᠬᠠᠶ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ | ︵ᠦᠬᠠᠶ ᠵᠠᠰᠠᠭ ᠠᠯᠪᠠᠨ ᠲᠠᠷᠬᠠᠭᠠᠭᠰᠠᠨ ︹ 2017 ︺ 87 ᠳ᠋ᠤᠭᠠᠷ ᠲᠣᠭᠠᠲᠤ︶ ᠤᠨ ᠱᠠᠭᠠᠷᠳᠠᠯᠭ᠎ᠠ | ᠶᠣᠰᠣᠭᠠᠷ᠂ ᠡᠯ᠎ᠡ ᠪᠦᠷᠢᠯᠳᠦᠬᠦᠨ ᠨᠢᠭᠡᠴᠡ ᠨᠦᠭᠦᠳ ᠬᠤᠯᠪᠤᠭᠳᠠᠯ ᠪᠥᠬᠦᠶ ᠠᠵᠢᠯ ᠥᠷᠨᠢᠭᠦᠯᠦᠭᠰᠡᠨ ᠪᠠᠶᠢᠳᠠᠯ ᠢᠶᠠᠨ | ᠤᠯᠠᠷᠢᠯ ᠢᠶᠠᠷ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠮᠡᠳᠡᠭᠦᠯᠦᠨ ᠬᠦᠷᠭᠡᠨ᠎ᠡ᠃ | ︵ᠳᠥᠷᠪᠡ︶ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠬᠤᠯᠪᠣᠭᠠᠴᠢᠨ ᠤ ᠲᠦᠷᠢᠮ᠃ | ᠡᠯ᠎ᠡ ᠪᠦᠷᠢᠯᠳᠦᠬᠦᠨ ᠨᠢᠭᠡᠴᠡ ᠨᠦᠭᠦᠳ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠤᠨ ᠨᠢᠭᠡ | ᠬᠠᠷᠢᠭᠤᠴᠠᠯᠭᠠᠲᠠᠨ ᠢ ᠬᠤᠯᠪᠣᠭᠠᠴᠢᠨ ᠢᠶᠠᠷ ᠲᠣᠭᠲᠠᠭᠠᠨ᠎ᠠ︔ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ | ᠬᠡᠷᠡᠭᠴᠡᠭᠡ ᠪᠠᠨ ᠦᠨᠳᠦᠰᠦᠯᠡᠨ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠳᠤᠭᠤᠶᠢᠯᠠᠩ ᠤᠨ ᠪᠦᠷᠢᠯᠳᠦᠬᠦᠨ | ᠨᠢᠭᠡᠴᠡ ᠶᠢᠨ ᠬᠤᠯᠪᠣᠭᠠᠴᠢᠨ ᠤ ᠬᠤᠷᠠᠯ ᠢ ᠬᠤᠷᠠᠯᠳᠤᠭᠤᠯᠵᠤ᠂ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ | ᠪᠠᠶᠢᠳᠠᠯ ᠪᠠ ᠱᠠᠲᠤ ᠦᠶ᠎ᠡ ᠶᠢᠨ ᠴᠢᠨᠠᠷᠲᠠᠶ ᠠᠵᠢᠯ ᠢ ᠰᠤᠳᠤᠯᠤᠨ᠎ᠠ︔ ᠡᠯ᠎ᠡ ᠪᠦᠷᠢᠯᠳᠦᠬᠦᠨ ᠨᠢᠭᠡᠴᠡ ᠶᠢᠨ | ᠬᠤᠯᠪᠣᠭᠠᠴᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠯᠦᠭᠡ ᠶᠢᠨ ᠡᠳᠦᠷ ᠲᠤᠲᠤᠮ ᠤᠨ ᠬᠠᠷᠢᠯᠴᠠᠭ᠎ᠠ ᠪᠠᠨ | ᠴᠢᠩᠭᠠᠳᠬᠠᠵᠤ᠂ ᠮᠡᠳᠡᠭᠡ ᠵᠠᠩᠭᠢ ᠰᠣᠯᠢᠯᠴᠠᠬᠤ ᠵᠡᠷᠭᠡ ᠠᠵᠢᠯ ᠢᠶᠠᠨ ᠰᠠᠶᠢᠲᠤᠷ ᠬᠢᠨ᠎ᠡ᠃ | | ᠳᠥᠷᠪᠡ᠂ ᠪᠤᠰᠤᠳ ᠵᠦᠢᠯᠡᠰ | ᠡᠭᠦᠨ ᠠᠴᠠ ᠬᠤᠶᠢᠰᠢ᠂ ᠬᠤᠳᠠ ᠶᠢᠨ ᠤᠳᠤᠷᠢᠳᠤᠯᠭ᠎ᠠ ᠠᠴᠠ ᠪᠤᠰᠤᠳ ᠬᠥᠮᠦᠰ ᠲᠤ ᠬᠤᠪᠢᠷᠠᠯᠲᠠ | ᠭᠠᠷᠬᠤ ᠳᠤ ᠬᠦᠷᠪᠡᠯ ᠤᠳᠤᠷᠢᠳᠬᠤ ᠳᠤᠭᠤᠶᠢᠯᠠᠩ ᠠᠴᠠ ᠥᠪᠡᠷᠰᠡᠳ ᠢᠶᠠᠨ ᠲᠤᠬᠢᠷᠠᠭᠤᠯᠤᠨ᠎ᠠ᠂ ᠬᠤᠳᠠ ᠶᠢᠨ | ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠠᠰ ᠲᠤᠨᠢ ᠠᠯᠪᠠᠨ ᠪᠢᠴᠢᠭ ᠶᠠᠪᠤᠭᠤᠯᠬᠤ ᠦᠭᠡᠢ᠃ | ᠬᠠᠭᠤᠯᠤᠨ ᠬᠦᠷᠭᠡᠬᠦ ᠨᠢ᠄ ᠬᠤᠲᠠ ᠶᠢᠨ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ ᠬᠤᠲᠠ ᠶᠢᠨ | ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ᠂ ᠴᠡᠷᠢᠭ ᠤᠨ ᠬᠤᠪᠢᠶᠠᠷᠢ ᠲᠤᠭᠤᠷᠢᠭ᠂ ᠬᠤᠲᠠ ᠶᠢᠨ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ | ᠬᠤᠷᠢᠶ᠎ᠠ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠃ | ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠡ᠂ ᠬᠤᠲᠠ ᠳᠤ ᠰᠠᠭᠤᠭ᠎ᠠ ᠨᠢᠭᠡᠴᠡ᠃ | | ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ | 2022 ᠣᠨ ᠤ 6 ᠰᠠᠷ᠎ᠠ ᠶᠢᠨ 24 ᠤ ᠡᠳᠦᠷ ᠳᠠᠷᠤᠮᠠᠯᠯᠠᠨ ᠲᠠᠷᠬᠠᠭᠠᠪᠠ |