1 ᠰᠠᠷ᠎ᠠ ᠶᠢᠨ 11 ᠤ ᠡᠳᠦᠷ᠂ ᠬᠠᠶᠢᠨᠠᠨ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠣᠳᠠᠭᠠᠨ ᠤ ᠬᠤᠷᠠᠯ ᠡᠯ᠎ᠡ ᠵᠥᠪᠯᠡᠬᠦ ᠵᠦᠢᠯᠡᠰ ᠢᠶᠠᠨ ᠲᠡᠭᠦᠰ | ᠠᠮᠵᠢᠯᠲᠠ ᠲᠠᠢ ᠳᠠᠭᠤᠰᠬᠠᠭᠠᠳ ᠲᠡᠭᠦᠰᠪᠡ᠃ | 2022 ᠣᠨ ᠳᠤ᠂ ᠬᠠᠶᠢᠨᠠᠨ ᠲᠤᠭᠤᠷᠢᠭ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ | ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ | ᠪᠦᠬᠦᠳᠡ ᠬᠤᠷᠠᠯ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠵᠤ᠂ ᠲᠣᠭᠲᠠᠭᠤᠨ ᠤ | ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ᠂ ᠠᠵᠤ ᠠᠬᠤᠢ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠮᠤᠷ ᠲᠦᠪᠰᠢᠨ | ᠪᠠᠶᠢᠯᠭᠠᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠡᠯ᠎ᠡ ᠵᠦᠢᠯ ᠤᠨ ᠠᠵᠢᠯ ᠢᠶᠠᠨ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠵᠦ᠂ ︽ | ᠭᠤᠷᠪᠠᠨ ᠴᠢᠨᠠᠷ ᠰᠠᠶᠢᠳᠠᠢ︾ ᠬᠠᠷᠠᠯᠲᠠ ᠶᠢ ᠪᠡᠶᠡᠯᠡᠭᠦᠯᠬᠦ ᠬᠦᠭᠵᠢᠯᠳᠡ ᠵᠢᠨᠰᠡᠳᠬᠢᠴᠡ ᠶᠢ ᠪᠡᠶᠡᠯᠡᠭᠦᠯᠵᠦ᠂ | ᠳᠣᠲᠣᠭᠠᠳᠤ ᠬᠡᠷᠡᠭᠴᠡᠭᠡ ᠪᠠᠨ ᠥᠷᠭᠡᠳᠬᠡᠬᠦ᠂ ᠡᠷᠭᠢᠯᠲᠡ ᠪᠠᠨ ᠰᠢᠯᠤᠭᠤᠳᠬᠠᠬᠤ ᠶᠢ ᠪᠠᠷᠢᠮᠲᠠᠯᠠᠵᠤ᠂ ᠪᠦᠲᠦᠴᠡ ᠪᠠᠨ | ᠲᠤᠬᠢᠷᠠᠭᠤᠯᠬᠤ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠡᠯ᠎ᠡ ᠵᠦᠢᠯ ᠤᠨ ᠠᠵᠢᠯ ᠦᠢᠯᠡᠰ ᠢ ᠲᠠᠬᠢᠨ | ᠰᠢᠨ᠎ᠡ ᠳᠡᠭᠲᠡᠷ ᠲᠤ ᠭᠠᠷᠭᠠᠵᠤ᠂ ᠰᠢᠨ᠎ᠡ ᠦᠷ᠎ᠡ ᠪᠦᠲᠦᠮᠵᠢ ᠣᠯᠵᠤ᠂ ᠣᠳᠣᠬᠢᠴᠢᠯᠠᠭᠰᠠᠨ ᠬᠠᠶᠢᠨᠠᠨ ᠢ ᠲᠦᠷᠭᠡᠳᠬᠡᠨ | ᠪᠠᠶᠢᠭᠤᠯᠬᠤ ᠯᠠᠪᠳᠠᠭᠤᠨ ᠪᠠᠲᠤᠲᠠᠢ ᠠᠯᠬᠤᠮ ᠢ ᠠᠯᠬᠤᠪᠠ᠃ ᠵᠢᠱᠢᠯᠲᠡ ᠪᠠᠷ ᠪᠥᠬᠦ ᠵᠢᠯ ᠤᠨ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠥᠷᠲᠡᠭ ᠠᠳᠠᠯᠢ ᠬᠤᠭᠤᠴᠠᠭᠠᠨ ᠤ ᠬᠢ ᠠᠴᠠ 4% ᠪᠠᠷ ᠨᠡᠮᠡᠭᠳᠡᠪᠡ︔ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ 98 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 79.4% ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ | ᠣᠷᠣᠯᠭ᠎ᠠ ᠶᠢ 19.1 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 24. | 2% ᠢᠶᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 11.3 | ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 2% ᠢᠶᠠᠷ ᠨᠡᠮᠡᠭᠳᠡᠪᠡ︔ ᠬᠤᠲᠠ | ᠪᠠᠯᠭᠠᠰᠤ᠂ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ ᠲᠣᠰ ᠲᠣᠰ 48681 ᠲᠥᠭᠦᠷᠢᠭ᠂ 23785 ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ ᠲᠣᠰ ᠲᠣᠰ 4%᠂ 5% ᠪᠠᠷ ᠨᠡᠮᠡᠭᠳᠡᠪᠡ᠃ | 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠦᠨ᠂ ᠬᠠᠶᠢᠨᠠᠨ ᠲᠣᠭᠤᠷᠢᠭ ᠤᠨ ᠬᠢᠨ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠣᠬᠠᠭᠤᠯᠤᠨ ᠲᠤᠤᠱᠯᠠᠭᠤᠯᠵᠤ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ | ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ | ᠬᠥᠭᠵᠢᠯᠲᠡ ᠪᠣᠯᠤᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠰᠢ ᠶᠢᠨ ᠫᠢᠩ | ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭ᠎ᠠ ᠶᠢ ᠲᠠᠶᠠᠭᠳᠠᠬᠤ︾ ᠶᠢ ᠡᠷᠡᠰ ᠪᠡᠶᠡᠯᠡᠭᠦᠯᠵᠦ᠂ ᠥᠭᠡᠷᠡᠴᠢᠯᠡᠯᠲᠡ | ᠨᠡᠭᠡᠭᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠢᠲᠡᠭᠡᠯ ᠢ ᠶᠡᠬᠡᠪᠡᠷ ᠬᠥᠭᠵᠢᠭᠡᠵᠦ᠂ | ᠨᠡᠮᠡᠭᠳᠡᠯ ᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠪᠠᠷᠠᠭᠠᠨ ᠤ ᠦᠨ᠎ᠡ ᠶᠢ | ᠲᠣᠭᠲᠠᠪᠤᠷᠢᠵᠢᠭᠤᠯᠬᠤ ᠠᠵᠢᠯ ᠢᠶᠠᠨ ᠭᠦᠨᠵᠡᠭᠡᠢ ᠰᠠᠶᠢᠲᠤᠷ ᠬᠢᠵᠦ᠂ ᠦᠬᠠᠢ ᠵᠢᠴᠢ ᠡᠷᠬᠢᠨ ᠲᠣᠭᠤᠷᠢᠨ ᠤ ᠭᠠᠵᠠᠷ | ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ | ᠵᠠᠰᠠᠬᠤ ᠰᠢᠨ᠎ᠡ ᠦᠷ᠎ᠡ ᠪᠦᠲᠦᠮᠵᠢ ᠪᠠᠨ ᠭᠦᠨᠵᠡᠭᠡᠶᠢᠷᠡᠭᠦᠯᠦᠨ ᠥᠷᠭᠡᠳᠬᠡᠵᠦ᠂ ᠠᠮᠢ ᠠᠬᠤᠢ ᠶᠢ ᠤᠷᠢᠳᠠᠪᠡᠷ | ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ | ᠪᠠ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠰᠢᠨ᠎ᠡ ᠠᠯᠬᠤᠮ ᠢ ᠴᠢᠷᠮᠠᠶᠢᠨ ᠠᠬᠢᠭᠤᠯᠵᠤ᠂ ᠰᠢᠨ᠎ᠡ ᠠᠶᠠᠨ ᠵᠠᠮ ᠳᠤ | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠠᠶᠢᠨᠠᠨ ᠤ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ | 1 ᠰᠠᠷ᠎ᠠ ᠶᠢᠨ 10 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠦᠬᠠᠶ ᠬᠤᠲᠠ ᠶᠢᠨ ᠬᠠᠶᠢᠨᠠᠨ | ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠣᠳᠠᠭᠠᠨ ᠤ ᠬᠤᠷᠠᠯ ᠡᠯ᠎ᠡ ᠵᠦᠢᠯ ᠤᠨ | ᠵᠥᠪᠯᠡᠬᠦ ᠵᠦᠢᠯᠡᠰ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠤ ᠳᠠᠷᠠᠭ᠎ᠠ ᠲᠡᠭᠦᠰᠪᠡ᠃ | 2022 ᠣᠨ ᠳᠤ᠂ ᠬᠠᠶᠢᠨᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠵᠢᠴᠢ ᠲᠡᠭᠦᠨ ᠤ | ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ | ᠰᠢ ᠶᠢᠨ ᠫᠢᠩ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ | ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠤᠳᠠ ᠶᠢᠨ ᠤᠯᠤᠰ ᠲᠦᠷᠦ ᠶᠢᠨ | ᠵᠥᠪᠯᠡᠯᠭᠡᠨ ᠤ ᠨᠠᠷᠢᠨ ᠨᠢᠮᠪᠠᠢ ᠵᠢᠯᠤᠭᠤᠲᠤᠯᠭ᠎ᠠ᠂ ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠪᠣᠯᠤᠨ ᠬᠠᠶᠢᠨᠠᠨ ᠲᠣᠭᠤᠷᠢᠭ ᠤᠨ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ ᠳᠣᠣᠷ᠎ᠠ᠂ ︽ | ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ | ᠬᠠᠶᠢᠨᠠᠨ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ ᠲᠠᠢ ᠨᠢᠭᠲᠠ | ᠤᠶᠠᠯᠳᠤᠭᠤᠯᠤᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠤᠯᠤᠰ ᠲᠦᠷᠦ ᠶᠢᠨ ᠵᠥᠪᠯᠡᠯᠭᠡ ᠬᠢᠬᠦ | ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ | ᠡᠭᠦᠷᠭᠡ ᠴᠢᠳᠠᠪᠬᠢ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠶᠡᠭᠡ ᠲᠠᠯ᠎ᠠ ᠳᠤ ᠦᠢᠯᠡᠴᠢᠯᠡᠬᠦ ᠳᠤᠮᠳᠠ | ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠬᠥᠭᠵᠢᠯᠲᠡ ᠶᠢ ᠠᠬᠢᠭᠤᠯᠬᠤ ᠳᠤᠮᠳᠠ ᠢᠳᠡᠪᠬᠢᠲᠡᠢ ᠪᠠᠷ ᠵᠢᠳᠬᠦᠯ | ᠴᠢᠷᠮᠠᠶᠢᠯᠭ᠎ᠠ ᠭᠠᠷᠭᠠᠵᠤ᠂ ᠡᠶ᠎ᠡ ᠵᠣᠬᠢᠴᠠᠩᠭᠤᠢ ᠶᠢ ᠠᠬᠢᠭᠤᠯᠬᠤ ᠳᠤᠮᠳᠠ ᠳᠠᠪᠠᠭᠤᠯᠢᠭ ᠢᠶᠠᠨ ᠪᠠᠳᠠᠷᠠᠭᠤᠯᠵᠤ᠂ ᠪᠦᠬᠦ | ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠤᠯᠤᠰ ᠲᠦᠷᠦ ᠶᠢᠨ | ᠵᠥᠪᠯᠡᠯᠭᠡᠨ ᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠪᠡ᠃ | 2023 ᠣᠨ ᠳᠤ᠂ ᠬᠠᠶᠢᠨᠠᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠰᠤᠷᠤᠯᠴᠠᠨ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠠᠷᠠᠳ ᠤᠨ ᠤᠯᠤᠰ ᠲᠦᠷᠦ ᠶᠢᠨ | ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠭᠡ ᠪᠠᠶᠢᠳᠠᠯ ᠲᠤᠮᠤ ᠬᠡᠷᠡᠭ ᠢ ᠡᠵᠡᠮᠳᠡᠵᠦ᠂ ᠭᠤᠣᠯ ᠡᠭᠦᠷᠭᠡ ᠶᠢ ᠴᠢᠩᠭ᠎ᠠ | ᠡᠵᠡᠮᠳᠡᠵᠦ᠂ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠡᠭᠦᠷᠭᠡ ᠴᠢᠳᠠᠪᠬᠢ | ᠪᠠᠨ ᠭᠦᠢᠴᠡᠳ ᠪᠠᠳᠠᠷᠠᠭᠤᠯᠵᠤ᠂ ᠰᠠᠶᠢᠨ ᠪᠤᠳᠤᠯᠭ᠎ᠠ ᠶᠢ ᠴᠢᠳᠠᠮᠠᠭᠠᠢ ᠪᠠᠷ ᠰᠦᠪᠡᠭᠴᠢᠯᠡᠵᠦ᠂ ᠵᠣᠷᠢᠭᠲᠠᠢ ᠪᠠᠷ ᠰᠠᠨᠠᠯ | ᠵᠥᠪᠯᠡᠯᠭᠡ ᠳᠤᠷᠠᠳᠴᠤ᠂ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠰᠢᠨ᠎ᠡ ᠬᠦᠰᠡᠯ | ᠡᠷᠡᠮᠡᠯᠵᠡᠯ ᠲᠠᠢ ᠨᠢᠭᠲᠠ ᠤᠶᠠᠯᠳᠤᠭᠤᠯᠵᠤ᠂ ᠵᠠᠰᠠᠭ ᠤᠨ ᠶᠠᠪᠤᠳᠠᠯ ᠢ ᠵᠥᠪᠯᠡᠨ ᠰᠠᠨᠠᠯ ᠰᠠᠨᠠᠭᠤᠯᠭ᠎ᠠ ᠳᠤᠷᠠᠳᠴᠤ᠂ ︽ | ᠲᠠᠪᠤᠨ ᠲᠦᠷᠢ ᠲᠥᠷᠬᠦ︾ ᠪᠠᠨ ᠦᠨᠡᠨᠬᠦ ᠱᠣᠭᠤᠵᠣ᠂ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ | ᠴᠢᠩᠭᠠᠳᠬᠠᠬᠤ ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ | ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠣᠳᠠᠲᠤ ᠦᠷ᠎ᠡ | ᠪᠦᠲᠦᠮᠵᠢ ᠶᠢ ᠴᠢᠬᠤᠯᠠᠴᠢᠯᠠᠵᠤ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠬᠠᠷᠢᠭᠤᠴᠠᠯᠭ᠎ᠠ ᠡᠭᠦᠷᠭᠡᠯᠡᠨ | ᠴᠢᠷᠮᠠᠶᠢᠨ ᠠᠵᠢᠯᠯᠠᠬᠤ ᠰᠢᠨ᠎ᠡ ᠴᠤᠭ ᠵᠢᠪᠬᠤᠭ᠎ᠠ ᠶᠢ ᠨᠢ ᠴᠢᠷᠮᠠᠶᠢᠨ ᠢᠯᠡᠷᠡᠭᠦᠯᠵᠦ᠂ ᠬᠠᠶᠢᠨᠠᠨ ᠲᠣᠭᠤᠷᠢᠭ ᠤᠨ | ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠬᠦᠯᠦᠨ᠎ᠡ᠃ |