2 ᠰᠠᠷ᠎ᠠ ᠶᠢᠨ 10 ᠤ ᠡᠳᠦᠷ᠂ ᠬᠤᠲᠠ ᠶᠢᠨ ᠵᠠᠰᠠᠭ ᠤᠨ ᠣᠷᠳᠣᠨ ᠤ 2023 ᠣᠨ ᠤ 4 ᠳ᠋ᠦ᠋ᠭᠡᠷ | ᠣᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠵᠤ᠂ ︽2023 ᠣᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠪᠦᠬᠦ ᠲᠠᠯ᠎ᠠ ᠪᠠᠷ ᠠᠬᠢᠭᠤᠯᠬᠤ ᠲᠤᠬᠠᠢ ᠰᠠᠨᠠᠯ︾ ᠢ ᠤᠯᠠᠮᠵᠢᠯᠠᠨ | ᠰᠤᠷᠤᠯᠴᠠᠵᠤ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠡᠭᠦᠷᠭᠡ ᠪᠠᠨ ᠲᠤᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ︽ᠲᠠᠷᠢᠶᠠᠯᠠᠩ ᠬᠥᠳᠡᠭᠡ | ᠲᠣᠰᠬᠤᠨ ᠲᠠᠷᠢᠶᠠᠴᠢᠨ︾ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ | ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ | ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠣᠷᠣᠨ ᠢ ᠴᠣᠭᠴᠠᠯᠠᠬᠤ ᠪᠠᠷ ᠭᠤᠤᠯᠳᠠᠯᠭ᠎ᠠ ᠪᠣᠯᠭᠠᠵᠤ᠂ ︽ | ᠢᠳᠡᠰᠢᠨ ᠨᠣᠭᠤᠭ᠎ᠠ︾ ᠶᠢᠨ ᠢᠨᠵᠧᠨᠧᠷᠢᠩ᠂ ︽ᠦᠬᠠᠶ ᠶᠢᠨ ᠦᠵᠦᠮ︾ ᠤᠨ ᠨᠠᠷᠠᠲᠤ ᠲᠥᠷᠥᠯ ᠲᠡᠮᠳᠡᠭᠲᠦ ᠶᠢ | ᠡᠭᠦᠳᠬᠦ ᠵᠡᠷᠭᠡ ᠭᠤᠤᠯᠳᠠᠯᠭ᠎ᠠ ᠲᠠᠢ ᠠᠵᠢᠯ ᠢᠶᠠᠨ ᠴᠢᠩᠭ᠎ᠠ ᠪᠦᠭᠡᠳ ᠪᠣᠳᠠᠲᠠᠶ ᠠᠳᠬᠤᠵᠤ᠂ ᠴᠢᠭ ᠢᠶᠠᠷ ᠨᠡᠶᠢᠳᠡᠮ ᠢ | ᠳᠠᠶᠢᠴᠢᠯᠠᠨ ᠬᠥᠳᠡᠭᠡ ᠲᠣᠰᠬᠤᠨ ᠤ ᠪᠥᠬᠦ ᠲᠠᠯ᠎ᠠ ᠶᠢᠨ ᠬᠥᠭᠵᠢᠯ ᠮᠠᠨᠳᠤᠯ ᠢ ᠠᠬᠢᠭᠤᠯᠬᠤ ᠬᠡᠷᠡᠭᠲᠡᠶ᠃ ᠶᠠᠳᠠᠭᠤ ᠠᠴᠠ | ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠬᠦ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠯᠠᠪᠳᠠᠭᠤᠨ ᠪᠠᠲᠤᠲᠠᠢ ᠰᠠᠶᠢᠲᠤᠷ | ᠬᠢᠵᠦ᠂ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠠᠵᠢᠯᠯᠠᠭ᠎ᠠ ᠶᠢ | ᠥᠷᠨᠢᠭᠦᠯᠬᠦ ᠯᠦᠭᠡ ᠤᠶᠠᠯᠳᠤᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ | ᠠᠷᠭ᠎ᠠ ᠪᠦᠬᠦᠨ ᠢ ᠰᠦᠪᠡᠭᠴᠢᠯᠡᠨ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠦᠨ | ᠪᠠᠶᠠᠵᠢᠭᠤᠯᠬᠤ ᠠᠷᠭ᠎ᠠ ᠵᠠᠮ ᠢ ᠥᠷᠭᠡᠳᠬᠡᠬᠦ ᠬᠡᠷᠡᠭᠲᠡᠢ᠃ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠭᠦᠨᠵᠡᠭᠡᠢ | ᠬᠡᠷᠡᠭᠵᠢᠭᠦᠯᠵᠦ᠂ ᠠᠮᠢᠳᠤᠷᠠᠯ ᠤᠨ ᠪᠣᠬᠢᠷ ᠤᠰᠤ ᠪᠣᠯᠤᠨ ᠬᠤᠭ ᠨᠣᠪᠰᠢ ᠶᠢ ᠵᠠᠰᠠᠬᠤ᠂ ᠠᠶᠢᠯ ᠲᠣᠰᠬᠤᠨ ᠢ ᠴᠡᠪᠡᠷᠯᠡᠬᠦ | ᠠᠵᠢᠯᠯᠠᠭ᠎ᠠ ᠪᠣᠯᠤᠨ ᠨᠣᠭᠤᠭᠠᠷᠠᠭᠤᠯᠵᠤ ᠭᠤᠶᠤᠵᠢᠭᠤᠯᠬᠤ ᠵᠡᠷᠭᠡ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠪᠠᠨ | ᠲᠦᠷᠭᠡᠳᠬᠡᠵᠦ᠂ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢ ᠠᠬᠢᠭᠤᠯᠵᠤ᠂ | ᠲᠠᠷᠢᠶᠠᠴᠢᠨ ᠤ ᠭᠡᠷ ᠪᠠᠶᠢᠰᠢᠩ ᠤᠨ ᠠᠮᠤᠷ ᠲᠦᠪᠰᠢᠨ᠂ ᠡᠵᠡᠩᠨᠡᠯᠲᠡ ᠶᠢᠨ ᠴᠢᠨᠠᠷᠲᠠᠢ ᠥᠪᠡᠷᠲᠡᠭᠡᠨ ᠪᠠᠷᠢᠭᠰᠠᠨ ᠭᠡᠷ | ᠪᠠᠶᠢᠰᠢᠩ ᠵᠡᠷᠭᠡ ᠲᠠᠯ᠎ᠠ ᠶᠢᠨ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠬᠤ ᠶᠢ ᠭᠦᠨᠵᠡᠭᠡᠢ ᠥᠷᠨᠢᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠪᠤᠰᠬᠠᠬᠤ ᠳᠤ | ᠲᠤᠬᠢᠷᠠᠮᠵᠢᠳᠡᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠬᠦᠴᠦᠯᠡᠨ ᠪᠠᠶᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ᠪᠠᠰᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ︽ᠦᠬᠠᠶ ᠬᠤᠲᠠ ᠶᠢᠨ ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ | ᠭᠦᠨᠵᠡᠭᠡᠶᠢᠷᠡᠭᠦᠯᠵᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠦᠯ︾ ᠢ ᠰᠤᠳᠤᠯᠪᠠ᠃ |