2 ᠰᠠᠷ᠎ᠠ ᠶᠢᠨ 14 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠳᠠ ᠶᠢᠨ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ | ᠤᠯᠤᠰ᠂ ᠪᠦᠬᠦ ᠣᠷᠣᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠪᠣᠯᠤᠨ ᠥᠪᠡᠷᠲᠡᠭᠡᠨ | ᠵᠠᠰᠠᠬᠤ ᠣᠷᠣᠨ ᠤ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠮᠠᠨ ᠤ ᠬᠤᠳᠠ ᠶᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ | ᠲᠤᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠲᠠ ᠶᠢᠨ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠪᠦᠬᠦ | ᠤᠯᠤᠰ᠂ ᠪᠦᠬᠦ ᠣᠷᠣᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠷᠭ᠎ᠠ ᠬᠡᠮᠵᠢᠶ᠎ᠡ ᠪᠣᠯᠣᠨ ᠠᠵᠢᠯ ᠤᠨ ᠭᠠᠷᠳᠠᠴᠠ ᠪᠠᠨ ᠤᠯᠠᠮ | ᠨᠢᠭᠡ ᠠᠯᠬᠤᠮ ᠨᠠᠷᠢᠯᠢᠬᠵᠢᠭᠤᠯᠤᠨ ᠨᠠᠶᠢᠳᠠᠪᠤᠷᠢᠵᠢᠭᠤᠯᠵᠤ᠂ ᠡᠯ᠎ᠡ ᠬᠦᠷᠢᠶᠡᠨ ᠤ ᠨᠢᠭᠡᠳᠦᠮᠡᠯ ᠹᠷᠣᠨᠲ ᠤᠨ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ | ᠢ ᠪᠦᠬᠦ ᠲᠠᠯ᠎ᠠ ᠪᠠᠷ ᠡᠭᠦᠲᠦᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠬᠥᠮᠦᠰ ᠤᠨ ᠰᠡᠳᠬᠢᠯ ᠢ ᠨᠢᠭᠲᠠᠷᠠᠭᠤᠯᠵᠤ᠂ | ᠬᠦᠴᠦᠨ ᠴᠢᠳᠠᠯ ᠢ ᠨᠢ ᠨᠢᠭᠲᠠᠷᠠᠭᠤᠯᠬᠤ ᠬᠡᠷᠡᠭᠲᠡᠢ ᠭᠡᠵᠡᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ | ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠪᠣᠯ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ | ᠮᠥᠨ᠂ ᠪᠦᠬᠦ ᠬᠤᠳᠠ ᠪᠠᠷ ᠢᠶᠠᠨ ︽ᠤᠯᠤᠰ ᠤᠨ ᠶᠡᠭᠡ ᠶᠠᠪᠤᠳᠠᠯ︾ ᠢ ᠬᠡᠬᠦᠳᠡᠭ ᠴᠡᠭᠡᠵᠢᠨ ᠳᠡᠭᠡᠨ ᠪᠠᠭᠲᠠᠭᠠᠵᠤ᠂ | ᠨᠡᠩ ᠴᠢᠩᠭ᠎ᠠ ᠬᠠᠷᠢᠭᠤᠴᠠᠯᠭᠠᠲᠤ ᠰᠡᠳᠬᠢᠯᠭᠡ ᠲᠤᠯᠭᠠᠮ᠎ᠠ ᠰᠡᠳᠬᠢᠯᠭᠡ ᠪᠠᠷ ᠴᠡᠭᠴᠡᠯᠡᠨ ᠰᠠᠶᠢᠵᠢᠷᠠᠭᠤᠯᠬᠤ ᠶᠢ | ᠠᠳᠬᠤᠵᠤ᠂ ᠴᠠᠭ ᠤᠨ ᠳᠠᠷᠠᠭᠠᠯᠠᠯ ᠤᠨ ᠠᠬᠢᠴᠠ ᠪᠠᠷ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ | ᠰᠠᠶᠢᠲᠤᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ︔ ︽ᠳᠤᠯᠤᠭ᠎ᠠ ᠶᠢ ᠵᠠᠰᠠᠭᠰᠠᠨ︾ ᠦᠷ᠎ᠡ ᠪᠦᠲᠦᠭᠡᠯ ᠢᠶᠠᠨ | ᠦᠷᠭᠦᠯᠵᠢᠯᠡᠨ ᠪᠠᠬᠢᠵᠢᠭᠦᠯᠵᠦ᠂ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠠᠰᠤ ᠴᠢᠨᠠᠷ ᠢᠶᠠᠨ | ᠳᠡᠭᠡᠭᠰᠢᠯᠡᠭᠦᠯᠬᠦ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠠᠮᠢ ᠠᠬᠤᠢ ᠣᠷᠴᠢᠨ ᠲᠣᠭᠤᠷᠢᠨ ᠢ ᠦᠷᠭᠦᠯᠵᠢᠯᠡᠨ | ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠬᠠᠮᠠᠭᠠᠯᠠᠯᠳᠠ ᠪᠠ | ᠬᠥᠭᠵᠢᠯᠲᠡ ᠶᠢ ᠠᠳᠬᠤᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ | ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠠᠳᠤᠨ ᠭᠤᠣᠯ ᠤᠨ | ᠭᠤᠣᠯ ᠤᠨ ᠵᠠᠮ ᠤᠨ ︽ᠳᠤᠷ᠎ᠠ ᠪᠠᠷ ᠢᠶᠠᠨ ᠡᠵᠡᠯᠡᠨ ᠳᠤᠷ᠎ᠠ ᠪᠠᠷ ᠢᠶᠠᠨ ᠪᠠᠶᠢᠭᠤᠯᠬᠤ︾᠂ ᠬᠠᠳᠤᠨ ᠭᠤᠣᠯ ᠤᠨ ︽ | ᠴᠡᠴᠡᠷᠯᠢᠭ ᠤᠨ ᠬᠠᠯᠠᠮᠰᠢᠯ︾ ᠵᠡᠷᠭᠡ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠬᠤ ᠬᠡᠷᠡᠭᠲᠡᠢ︔ ︽ᠬᠠᠳᠤᠨ | ᠭᠤᠣᠯ ᠤᠨ ᠬᠠᠮᠠᠭᠠᠯᠠᠯᠲᠠ ᠶᠢᠨ ᠬᠠᠤᠯᠢ︾ ᠶᠢ ᠤᠬᠠᠭᠤᠯᠤᠨ ᠲᠤᠤᠱᠯᠠᠭᠤᠯᠬᠤ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ︽ᠲᠦᠷᠪᠡᠨ ᠤᠰᠤ ᠪᠠᠷ ᠲᠦᠷᠪᠡ ᠶᠢ ᠲᠣᠭᠲᠠᠭᠠᠬᠤ︾ ᠵᠠᠷᠴᠢᠮ ᠢ ᠴᠢᠩᠭ᠎ᠠ ᠨᠠᠶᠢᠳᠠᠪᠤᠷᠢᠵᠢᠭᠤᠯᠵᠤ | ᠂ ᠬᠤᠳᠠ ᠪᠣᠯᠤᠨ ᠠᠵᠤ ᠦᠢᠯᠡᠰ ᠤᠨ ᠬᠥᠭᠵᠢᠯᠲᠡ ᠶᠢ ᠵᠦᠢ ᠵᠣᠬᠢᠰᠲᠠᠢ ᠪᠠᠶᠢᠷᠢᠰᠢᠭᠤᠯᠵᠤ᠂ ᠤᠰᠤᠨ ᠤ ᠡᠬᠢ | ᠪᠠᠶᠠᠯᠢᠭ ᠢ ᠠᠷᠪᠢᠲᠠᠢ ᠡᠷᠴᠢᠮᠵᠢᠭᠦᠯᠦᠨ ᠠᠰᠢᠭᠯᠠᠬᠤ ᠶᠢ ᠠᠬᠢᠭᠤᠯᠬᠤ ᠬᠡᠷᠡᠭᠲᠡᠢ︔ ᠰᠢᠨ᠎ᠡ ᠡᠨᠧᠷᠭᠢ ᠰᠢᠨ᠎ᠡ | ᠮᠠᠲ᠋ᠧᠷᠢᠶᠠᠯ ᠭᠡᠬᠦ ᠬᠤᠶᠠᠷ ᠶᠡᠭᠡ ᠠᠵᠤ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠳᠤ | ᠠᠩᠬᠠᠷᠤᠯ ᠢᠶᠠᠨ ᠲᠥᠪᠯᠡᠷᠡᠭᠦᠯᠵᠦ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠡᠰ ᠳᠡᠪᠰᠢᠭᠦᠯᠬᠦ ᠪᠠ | ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ | ᠪᠤᠵᠠᠭᠠᠶᠢᠷᠠᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠥᠭᠵᠢᠯᠲᠡ ᠶᠢᠨ ᠠᠷᠭ᠎ᠠ ᠬᠡᠯᠪᠡᠷᠢ ᠶᠢᠨ ᠪᠣᠬᠢᠷᠲᠤᠯ | ᠦᠭᠡᠢ ᠨᠡᠭᠦᠷᠡᠰᠦᠲᠥ᠋ᠷᠥᠭᠴᠢᠲᠤ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠪᠡᠶᠡᠯᠡᠭᠦᠯᠬᠦ ᠬᠡᠷᠡᠭᠲᠡᠢ᠃ ᠨᠡᠩ | ᠴᠢᠩᠭ᠎ᠠ ᠬᠠᠷᠢᠭᠤᠴᠠᠯᠭ᠎ᠠ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠥᠪᠡᠷᠲᠡᠭᠡᠨ ᠵᠠᠰᠠᠬᠤ ᠣᠷᠣᠨ ᠠᠴᠠ | ᠲᠣᠳᠣᠷᠬᠠᠶᠢᠯᠠᠭᠰᠠᠨ ᠭᠤᠣᠯ ᠡᠭᠦᠷᠭᠡ ᠪᠣᠯᠤᠨ ᠵᠠᠷᠯᠠᠨ ᠮᠡᠳᠡᠭᠳᠡᠭᠰᠡᠨ ᠡᠯ᠎ᠡ ᠲᠦᠷᠦᠯ ᠤᠨ ᠠᠰᠠᠭᠤᠳᠠᠯ ᠳᠤ | ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠡᠬᠡ ᠳᠠᠩᠰᠠ ᠶᠢᠨ ᠬᠠᠮᠢᠶᠠᠷᠤᠯᠲᠠ ᠶᠢ | ᠬᠡᠷᠡᠭᠵᠢᠭᠦᠯᠵᠦ᠂ ᠨᠢᠭᠡ ᠨᠢᠭᠡ ᠵᠦᠢᠯ ᠢᠶᠠᠷ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ᠬᠤᠳᠠ ᠶᠢᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠳᠠᠩᠰᠠ ᠲᠤᠰᠢᠶᠠᠬᠤ ᠤᠬᠠᠮᠰᠠᠷ︾ ︽ᠦᠷ᠎ᠡ | ᠳ᠋ᠦᠩ ᠤᠨ ᠤᠬᠠᠮᠰᠠᠷ︾ ᠢ ᠪᠠᠲᠤ ᠪᠤᠢ ᠪᠣᠯᠭᠠᠵᠤ᠂ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠡᠳᠦᠢ ᠠᠰᠠᠭᠤᠳᠠᠯ | ᠳᠤ ᠴᠠᠭ ᠤᠨ ᠬᠦᠰᠦᠨᠦᠭᠲᠦ ᠪᠠᠨ ᠲᠣᠩᠭᠤᠷᠠᠭᠤᠯᠤᠨ ᠵᠢᠭᠰᠠᠭᠠᠬᠤ᠂ ᠬᠠᠷᠢᠭᠤᠴᠠᠯᠭᠠᠲᠠᠨ ᠢᠶᠠᠨ ᠲᠣᠳᠣᠷᠬᠠᠶᠢᠯᠠᠬᠤ᠂ | ᠡᠴᠦᠰ ᠲᠤᠨᠢ ᠲᠤᠯᠲᠠᠯ᠎ᠠ ᠠᠳᠬᠤᠬᠤ ᠶᠢ ᠪᠡᠶᠡᠯᠡᠬᠦᠯᠵᠦ᠂ ᠠᠯᠢ ᠲᠦᠷᠭᠡᠨ ᠢᠶᠠᠷ ᠪᠦᠬᠦᠨ ᠢ ᠴᠡᠪᠡᠷᠯᠡᠬᠦ ᠬᠡᠷᠡᠭᠲᠡᠢ︔ | ᠤᠳᠠᠭ᠎ᠠ ᠪᠦᠷᠢ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠪᠣᠯᠤᠨ ᠵᠢᠭᠠᠵᠤ ᠭᠠᠷᠭᠠᠭᠰᠠᠨ | ᠠᠰᠠᠭᠤᠳᠠᠯ ᠳᠤ ︽ᠡᠷᠬᠢᠨ ᠬᠠᠷᠠᠬᠤ︾ ᠠᠵᠢᠯᠯᠠᠭ᠎ᠠ ᠥᠷᠨᠢᠭᠦᠯᠵᠦ᠂ ᠠᠰᠠᠭᠤᠳᠠᠯ ᠤᠨ ︽ᠲᠠᠬᠢᠨ ᠢᠯᠡᠷᠡᠬᠦ︾ ᠶᠢ | ᠴᠢᠩᠭ᠎ᠠ ᠰᠡᠷᠭᠡᠶᠢᠯᠡᠬᠦ ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠡ᠃ |