ᠥᠩᠭᠡᠷᠡᠭᠰᠡᠨ ᠳᠤ ᠭᠠᠯᠲᠤ ᠲᠡᠷᠭᠡᠨ ᠤ ᠪᠢᠯᠧᠲ ᠠᠪᠬᠤ ᠳᠤ 1.2 — 1.5 ᠮᠧᠲᠷ ᠥᠨᠳᠥᠷ ᠪᠠᠭᠠᠴᠤᠳ | ᠬᠡᠦᠬᠡᠳ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠪᠢᠯᠧᠲ ᠬᠤᠳᠠᠯᠳᠤᠨ ᠠᠪᠴᠤ᠂ 1.5 ᠮᠧᠲᠷ ᠠᠴᠠ ᠥᠨᠳᠥᠷ | ᠪᠣᠯᠪᠠᠯ ᠲᠤᠮᠤᠴᠤᠳ ᠲᠠᠢ ᠠᠳᠠᠯᠢᠬᠠᠨ ᠪᠦᠬᠦ ᠦᠨ᠎ᠡ ᠪᠠᠷ ᠨᠢ ᠪᠢᠯᠧᠲ ᠠᠪᠬᠤ ᠶᠢ ᠱᠠᠭᠠᠷᠳᠠᠵᠤ ᠪᠠᠶᠢᠭᠰᠠᠨ ᠪᠢᠯᠡ᠃ | | ᠤᠯᠤᠰ ᠤᠨ ᠲᠡᠮᠦᠷ ᠵᠠᠮ ᠤᠨ ᠲᠣᠪᠴᠢᠶᠠᠨ ᠠᠴᠠ ᠣᠶᠢᠷ᠎ᠠ ᠳᠤ ︽ᠲᠡᠮᠦᠷ ᠵᠠᠮ ᠤᠨ ᠠᠶᠠᠨᠴᠢᠳ ᠤᠨ | ᠵᠥᠭᠡᠭᠡᠪᠦᠷᠢ ᠶᠢᠨ ᠳᠦᠷᠢᠮ ᠲᠣᠭᠲᠠᠭᠠᠯ ᠤᠨ ᠲᠤᠬᠠᠢ ᠰᠠᠨᠠᠯ ᠬᠤᠷᠢᠶᠠᠬᠤ ᠨᠣᠣᠷᠠᠭ︾ ᠢ ᠨᠡᠶᠢᠲᠡᠯᠡᠵᠡᠢ᠃ ᠡᠭᠦᠨ ᠳᠤ | ᠵᠢᠩᠬᠢᠨᠢ ᠨᠡᠷ᠎ᠡ ᠪᠠᠷ ᠢᠶᠠᠨ ᠪᠢᠯᠧᠲ ᠬᠤᠳᠠᠯᠳᠤᠨ ᠠᠪᠬᠤ ᠳᠤ 6 ᠠᠴᠠ 14 ᠨᠠᠰᠤᠨ ᠤ ᠬᠤᠭᠤᠷᠣᠨᠳᠤᠬᠢ ᠪᠠᠭᠠᠴᠤᠳ | ᠬᠡᠦᠬᠡᠳ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠪᠢᠯᠧᠲ ᠬᠤᠳᠠᠯᠳᠤᠨ ᠠᠪᠴᠤ᠂ ᠪᠦᠬᠦᠯᠢ 14 ᠨᠠᠰᠤ ᠬᠦᠷᠪᠡᠯ | ᠲᠤᠮᠤᠴᠤᠳ ᠲᠠᠢ ᠠᠳᠠᠯᠢᠬᠠᠨ ᠪᠦᠬᠦ ᠦᠨ᠎ᠡ ᠪᠠᠷ ᠨᠢ ᠪᠢᠯᠧᠲ ᠠᠪᠬᠤ ᠬᠡᠷᠡᠭᠲᠡᠢ ᠭᠡᠰᠡᠨ ᠵᠤᠷᠪᠤᠰ ᠢ ᠨᠡᠮᠡᠵᠦ | ᠣᠷᠣᠭᠤᠯᠤᠭᠰᠠᠨ ᠪᠠᠶᠢᠨ᠎ᠠ᠃ |