乌海市人民政府蒙古文网 365bet400电话_365bet亚洲官方_www.28365-365.com

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠰᠣᠨᠢᠨ ᠮᠡᠳᠡᠭᠡ

        365bet400电话_365bet亚洲官方_www.28365-365.com

        ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠬᠤᠯᠪᠣᠭᠳᠠᠯ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ

        365bet400电话_365bet亚洲官方_www.28365-365.com

        ᠨᠡᠶᠢᠲᠡᠯᠡᠭᠰᠡᠨ ᠴᠠᠭ᠄
        2023/3/15
             3 ᠰᠠᠷ᠎ᠠ ᠶᠢᠨ 14 ᠤ ᠦᠳᠡ ᠶᠢᠨ ᠬᠤᠶᠢᠨ᠎ᠠ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠵᠢᠴᠢ ᠬᠤᠳᠠ ᠶᠢᠨ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ᠂ ᠬᠤᠳᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃      ᠰᠠᠶ᠋ᠢᠬᠠᠨ ᠲᠡᠭᠦᠰᠦᠭᠰᠡᠨ ᠪᠦᠬᠦ ᠤᠯᠤᠰ ᠤᠨ ᠬᠤᠶᠠᠷ ᠬᠤᠷᠠᠯ ᠪᠣᠯ ᠨᠢᠭᠡ ᠤᠳᠠᠭᠠᠨ ᠤ ᠲᠤᠭ ᠢ ᠥᠨᠳᠥᠷ ᠮᠠᠨᠳᠤᠭᠤᠯᠵᠤ᠂ ᠬᠦᠴᠦᠨ ᠴᠢᠳᠠᠯ ᠢᠶᠠᠨ ᠨᠢᠭᠲᠠᠷᠠᠭᠤᠯᠵᠤ᠂ ᠪᠦᠯᠬᠦᠮᠳᠡᠨ ᠲᠡᠮᠡᠴᠡᠭᠰᠡᠨ ᠶᠡᠭᠡ ᠬᠤᠷᠠᠯ ᠪᠣᠯᠤᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠴᠢᠬᠤᠯᠠ ᠶᠠᠷᠢᠶ᠎ᠠ ᠨᠢ ᠰᠢᠨ᠎ᠡ ᠴᠠᠭ ᠦᠶ᠎ᠡ ᠶᠢᠨ ᠨᠠᠮ ᠪᠤᠯᠤᠨ ᠤᠯᠤᠰ ᠤᠨ ᠠᠵᠢᠯ ᠦᠢᠯᠡᠰ ᠤᠨ ᠬᠦᠭᠵᠢᠯᠳᠡ ᠳᠤ ᠦᠨᠳᠦᠰᠦᠨ ᠵᠢᠷᠤᠮᠯᠠᠯ ᠬᠠᠩᠭᠠᠵᠠᠢ᠃ ᠪᠦᠬᠦ ᠬᠤᠳᠠ ᠪᠠᠷ ᠢᠶᠠᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠬᠤᠶᠠᠷ ᠢ ᠲᠣᠭᠲᠠᠭᠠᠬᠤ︾ ᠶᠢ ᠨᠡᠩ ᠡᠷᠡᠰ ᠪᠠᠲᠤ ᠤᠬᠠᠮᠰᠠᠷ ᠠᠴᠠ ᠪᠠᠨ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ ᠃ ᠠᠵᠢᠯ ᠤᠨ ᠭᠤᠣᠯᠳᠠᠯᠭ᠎ᠠ ᠪᠠᠨ ᠡᠵᠡᠮᠳᠡᠵᠦ᠂ ᠴᠢᠨᠠᠷ ᠰᠠᠶᠢᠲᠠᠢ ᠬᠥᠭᠵᠢᠯᠲᠡ ᠶᠢᠨ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠤᠨ ᠠᠮᠢᠳᠤᠷᠠᠯ ᠢ ᠴᠢᠨᠠᠭᠰᠢᠳᠠ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠦᠨᠡᠨ ᠪᠣᠳᠠᠲᠠᠢ ᠠᠵᠢᠯᠯᠠᠬᠤ ᠪᠠᠷ ᠭᠤᠣᠯᠳᠠᠯᠭ᠎ᠠ ᠪᠣᠯᠭᠠᠬᠤ ᠪᠠᠨ ᠪᠠᠷᠢᠮᠲᠠᠯᠠᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠷᠰᠢ ᠰᠠᠭᠠᠳ ᠢ ᠬᠦᠴᠦᠯᠡᠨ ᠳᠠᠪᠠᠵᠤ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠥᠭᠵᠢᠯᠲᠡ ᠶᠢ ᠠᠬᠢᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ︽ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠦᠬᠠᠶ ᠬᠤᠲᠠ ᠶᠢᠨ ᠠᠷᠭ᠎ᠠ ᠬᠡᠮᠵᠢᠶ᠎ᠡ ᠨᠦᠭᠦᠳ︾᠂ ︽ᠦᠬᠠᠶ ᠬᠤᠲᠠ ᠶᠢᠨ ᠴᠢᠳᠠᠪᠤᠷᠢᠲᠠᠨ ᠤ ᠬᠥᠭᠵᠢᠯᠲᠡ ᠶᠢᠨ ᠲᠥᠯᠥᠪᠵᠢᠭᠦᠯᠭᠡ ︵2023 - 2025︶︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃ ᠬᠤᠷᠠᠯ ᠠᠴᠠ᠂ ︽ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ ᠮᠥᠨ︾ ᠭᠡᠬᠦ ᠢᠯᠡ ᠲᠣᠳᠣ ᠤᠳᠤᠷᠢᠳᠤᠮᠵᠢ ᠶᠢ ᠪᠣᠶ ᠪᠣᠯᠭᠠᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠬᠤᠲᠠ ᠶᠢᠨ ᠬᠡᠯᠪᠡᠷᠢ ᠪᠠᠨ ᠬᠤᠪᠢᠷᠠᠭᠤᠯᠬᠤ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠨᠡᠭᠡᠭᠡᠯᠲᠡ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠦᠨ᠂ ᠵᠠᠬ᠎ᠠ ᠳᠡᠯᠭᠡᠭᠦᠷ ᠤᠨ ᠠᠷᠭ᠎ᠠ ᠬᠡᠮᠵᠢᠶ᠎ᠡ ᠪᠠ ᠠᠷᠭ᠎ᠠ ᠪᠠᠷᠢᠯ ᠢ ᠨᠠᠩ ᠣᠯᠠᠨ ᠬᠡᠷᠡᠭᠯᠡᠵᠦ᠂ ᠨᠠᠷᠢᠯᠢᠭ ᠣᠨᠣᠴᠠᠲᠠᠶ ᠪᠦᠲᠦᠮᠵᠢᠲᠡᠶ ᠵᠣᠯᠭᠠᠭᠤᠯᠵᠤ᠂ ᠴᠢᠳᠠᠪᠤᠷᠢᠲᠠᠨ ᠤ ᠡᠬᠢ ᠪᠠᠶᠠᠯᠢᠭ ᠤᠨ ᠬᠠᠮᠤᠭ ᠤᠨ ᠰᠢᠯᠢᠳᠡᠭ ᠲᠣᠬᠢᠷᠠᠭᠤᠯᠤᠯᠲᠠ ᠶᠢ ᠪᠡᠶᠡᠯᠡᠭᠦᠯᠬᠦ ᠬᠡᠷᠡᠭᠲᠡᠶ᠃ ︽ᠣᠷᠣᠭᠤᠯᠵᠤ ᠢᠷᠡᠬᠦ᠂ ᠬᠥᠮᠦᠵᠢᠭᠦᠯᠬᠦ᠂ ᠬᠡᠷᠡᠭᠯᠡᠬᠦ᠂ ᠦᠯᠡᠳᠡᠭᠡᠬᠦ︾ ᠳᠡᠭᠡᠷ᠎ᠡ ᠬᠦᠴᠦ ᠲᠠᠯᠪᠢᠵᠤ᠂ ᠦᠬᠠᠢ ᠶᠢᠨ ᠰᠠᠶᠢᠨ ᠰᠠᠶᠢᠬᠠᠨ ᠬᠤᠳᠠ ᠶᠢᠨ ᠲᠦᠷᠢ ᠲᠥᠷᠬᠦ ᠪᠣᠯᠤᠨ ᠬᠥᠭᠵᠢᠯᠲᠡ ᠶᠢᠨ ᠳᠠᠯᠳᠠ ᠬᠦᠴᠦᠨ ᠢ ᠤᠬᠠᠭᠤᠯᠵᠤ᠂ ᠬᠤᠯᠪᠤᠭᠳᠠᠯ ᠪᠦᠬᠦᠢ ᠢᠵᠢ ᠪᠦᠷᠢᠳᠦᠭᠰᠡᠨ ᠦᠢᠯᠡᠴᠢᠯᠡᠭᠡ ᠶᠢ ᠦᠷᠭᠦᠯᠵᠢᠯᠡᠨ ᠲᠡᠭᠦᠯᠳᠡᠷᠵᠢᠭᠦᠯᠵᠦ᠂ ᠴᠢᠳᠠᠪᠤᠷᠢᠲᠠᠨ ᠤ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠲᠣᠭᠤᠷᠢᠨ ᠪᠣᠯᠤᠨ ᠴᠢᠳᠠᠪᠤᠷᠢᠲᠠᠨ ᠤ ᠠᠮᠢ ᠠᠬᠤᠢ ᠶᠢ ᠬᠦᠴᠦᠯᠡᠨ ᠪᠤᠢ ᠪᠣᠯᠭᠠᠵᠤ᠂ ᠡᠯ᠎ᠡ ᠲᠦᠷᠦᠯ ᠤᠨ ᠴᠢᠳᠠᠪᠤᠷᠢᠲᠠᠨ ᠤ ᠠᠵᠢᠯ ᠬᠢᠵᠦ ᠦᠢᠯᠡᠰ ᠪᠤᠰᠬᠠᠬᠤ ᠢᠳᠡᠪᠬᠢᠵᠢᠯ ᠢ ᠭᠦᠢᠴᠡᠳ ᠲᠠᠶᠢᠴᠢᠯᠠᠵᠦ᠂ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ ᠭᠡᠵᠡᠢ᠃      ᠬᠤᠷᠠᠯ ᠠᠴᠠ ︽︿ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ ᠪᠦᠯᠬᠦᠮᠳᠡᠨ ᠲᠡᠮᠡᠴᠡᠵᠦ ︿ᠵᠢᠱᠢᠶᠡᠴᠢ ᠥᠪᠡᠷᠲᠡᠭᠡᠨ ᠵᠠᠰᠠᠬᠤ ᠣᠷᠣᠨ﹀ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠤᠶ᠎ᠠ︾ ᠭᠡᠬᠦ ᠤᠯᠠᠨ ᠲᠦᠮᠡᠨᠴᠢ ᠴᠢᠨᠠᠷᠲᠠᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠲᠤᠷᠰᠢᠯᠲᠠ ᠶᠢᠨ ᠴᠡᠭ ᠤᠨ ᠠᠵᠢᠯ ᠤᠨ ᠲᠥᠰᠦᠯ︾᠂ ︽ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠬᠤ ︿ᠵᠢᠷᠭᠤᠭᠠᠨ ᠶᠡᠭᠡ ᠢᠨᠵᠧᠨᠧᠷᠢᠩ﹀ ᠢ ᠭᠦᠨᠵᠡᠭᠡᠢ ᠬᠡᠷᠡᠭᠵᠢᠭᠦᠯᠬᠦ ᠲᠥᠰᠦᠯ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃ ᠬᠤᠷᠠᠯ ᠠᠴᠠ᠂ ᠴᠢᠭᠯᠡᠯ ᠢ ᠣᠨᠣᠪᠴᠢᠲᠠᠢ ᠡᠵᠡᠮᠳᠡᠵᠦ᠂ ᠬᠢᠯᠠᠰ ᠴᠡᠭ ᠢᠶᠠᠨ ᠲᠤᠪᠤᠶᠢᠯᠭᠠᠵᠤ᠂ ᠤᠯᠤᠰ ᠲᠦᠷᠦᠴᠢ ᠴᠢᠨᠠᠷ᠂ ᠴᠠᠭ ᠦᠶᠡᠴᠢ ᠴᠢᠨᠠᠷ᠂ ᠤᠯᠠᠨ ᠲᠦᠮᠡᠨᠴᠢ ᠴᠢᠨᠠᠷ ᠢ ᠴᠢᠬᠤᠯᠠᠴᠢᠯᠠᠨ᠂ ᠦᠢᠯᠡᠳᠦᠯᠭᠡ ᠶᠢᠨ ᠠᠵᠢᠯᠯᠠᠭ᠎ᠠ ᠶᠢᠨ ᠲᠤᠷᠰᠢᠯᠲᠠ ᠶᠢᠨ ᠠᠵᠢᠯ ᠢ ᠰᠢᠨ᠎ᠡ ᠶᠢ ᠡᠭᠦᠳᠬᠦ ᠴᠢᠨᠠᠷᠲᠠᠢ ᠪᠠᠷ ᠰᠠᠶᠢᠲᠤᠷ ᠠᠳᠬᠤᠬᠤ ᠬᠡᠷᠡᠭᠲᠡᠢ᠃ ᠤᠯᠤᠰ ᠲᠦᠷᠦ ᠪᠠᠷ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠮᠵᠢ᠂ ᠵᠣᠬᠢᠶᠠᠨ ᠪᠠᠶᠢᠭᠤᠯᠤᠯᠲᠠ ᠶᠢᠨ ᠴᠢᠳᠠᠪᠬᠢ ᠪᠣᠯᠤᠨ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢᠨ ᠳᠡᠭᠡᠭᠰᠢᠯᠡᠯᠲᠡ ᠶᠢ ᠰᠠᠶᠢᠲᠤᠷ ᠠᠳᠬᠤᠵᠤ ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠳᠤᠲᠠᠭᠤᠳᠠᠯ ᠪᠠᠭᠤᠷᠠᠢ ᠲᠠᠯ᠎ᠠ ᠶᠢ ᠬᠦᠴᠦᠯᠡᠨ ᠰᠢᠢᠳᠪᠦᠷᠢᠯᠡᠵᠦ᠂ ᠨᠠᠮ ᠤᠨ ᠪᠠᠶᠢᠭᠤᠯᠤᠯᠲᠠ ᠶᠢᠨ ᠠᠵᠢᠯ ᠤᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠪᠣᠯᠤᠨ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠬᠤᠷᠠᠯ ᠠᠴᠠ ᠴᠢᠬᠤᠯᠠᠴᠢᠯᠠᠭᠰᠠᠨ ᠨᠢ᠂ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠠᠶᠤᠯ ᠲᠦᠭᠰᠢᠭᠦᠷᠢ ᠶᠢᠨ ᠬᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠰᠠᠨ᠂ ᠤᠷᠳᠤ ᠬᠤᠭᠤᠴᠠᠭ᠎ᠠ ᠪᠠᠷ ᠪᠦᠲᠦᠮᠵᠢᠲᠡᠢ ᠥᠷᠨᠢᠭᠦᠯᠵᠦ᠂ ᠤᠳᠤᠷᠢᠳᠤᠯᠭ᠎ᠠ᠂ ᠬᠢᠨᠠᠯᠲᠠ ᠬᠠᠮᠢᠶᠠᠷᠤᠯᠲᠠ᠂ ᠠᠵᠤ ᠠᠬᠤᠶᠢᠯᠠᠯ᠂ ᠠᠵᠢᠯᠳᠠᠨ ᠠᠵᠢᠯᠴᠢᠨ ᠵᠡᠷᠭᠡ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠷᠢᠯᠢᠭ ᠨᠠᠶᠢᠳᠠᠪᠤᠷᠢᠵᠢᠭᠤᠯᠵᠤ᠂ ᠬᠥᠭᠵᠢᠯᠲᠡ ᠪᠣᠯᠤᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
         
        ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号