乌海市人民政府蒙古文网 365bet400电话_365bet亚洲官方_www.28365-365.com

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠬᠤᠲᠠ ᠶᠢᠨ ᠵᠠᠰᠠᠭ ᠤᠨ ᠣᠷᠳᠤᠨ ᠤ 2023 ᠣᠨ ᠤ 7 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ  ᠼᠦᠢ ᠵᠢᠩ ᠶᠢᠩ ᠬᠤᠷᠠᠯ ᠡᠷᠬᠢᠯᠡᠵᠦ ᠶᠠᠷᠢᠶ᠎ᠠ ᠲᠠᠯᠪᠢᠵᠠᠢ
        ᠨᠡᠶᠢᠲᠡᠯᠡᠭᠰᠡᠨ ᠴᠠᠭ᠄
        2023/3/15
             3 ᠰᠠᠷ᠎ᠠ ᠶᠢᠨ 14 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠳᠠ ᠶᠢᠨ ᠳᠠᠷᠤᠭ᠎ᠠ ᠼᠦᠢ ᠵᠢᠩ ᠶᠢᠩ ᠬᠤᠳᠠ ᠶᠢᠨ ᠵᠠᠰᠠᠭ ᠤᠨ ᠣᠷᠳᠣᠨ ᠤ 2023 ᠣᠨ ᠤ 7 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠬᠤᠶᠠᠷ ᠬᠤᠷᠠᠯ ᠤᠨ ᠳᠣᠣᠷ᠎ᠠ ᠪᠦᠯᠬᠦᠮ ᠳᠤᠭᠤᠶᠢᠯᠠᠩ ᠤᠨ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠦᠨᠳᠦᠰᠦᠲᠡᠨ ᠤ ᠠᠵᠢᠯ ᠪᠣᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠵᠤ᠂ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠠᠵᠤ ᠠᠬᠤᠶᠢᠯᠠᠯ᠂ ᠲᠠᠷᠢᠶᠠᠯᠠᠬᠤ ᠣᠷᠣᠨ᠂ ᠪᠠᠶᠢᠭᠤᠯᠭ᠎ᠠ᠂ ᠰᠤᠷᠭᠠᠭᠤᠯᠢ ᠶᠢᠨ ᠬᠦᠷᠢᠶ᠎ᠡ᠂ ᠨᠡᠶᠢᠭᠡᠮ ᠲᠣᠭᠤᠷᠢᠭ᠂ ᠴᠡᠷᠢᠭ ᠤᠨ ᠬᠤᠸᠠᠷᠠᠨ ᠳᠤ ᠣᠷᠣᠭᠤᠯᠬᠤ᠂ ᠰᠦᠯᠵᠢᠶᠡᠨ ᠳᠤ ᠣᠷᠣᠭᠤᠯᠬᠤ ᠶᠢ ᠠᠬᠢᠭᠤᠯᠵᠤ᠂ ᠡᠷᠦᠬᠡ ᠪᠣᠯᠭᠠᠨ ᠳᠤ ᠮᠡᠳᠡᠭᠦᠯᠵᠦ᠂ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠪᠡᠶᠡᠯᠡᠭᠦᠯᠬᠦ ᠬᠡᠷᠡᠭᠲᠡᠢ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠳᠤᠷᠠᠳᠤᠭᠰᠠᠨ ᠠᠵᠢᠯ ᠤᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠨ ᠤ ᠬᠤᠳᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠮᠠᠨ ᠤ ᠬᠤᠳᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠢᠭᠡᠳ ᠨᠢᠭᠡ ᠪᠠᠷ ᠡᠮᠬᠢᠯᠡᠨ ᠰᠤᠳᠤᠯᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠦᠬᠠᠢ ᠳᠤ ᠨᠠᠶᠢᠳᠠᠪᠤᠷᠢᠵᠢᠭᠤᠯᠤᠨ ᠨᠠᠷᠢᠯᠢᠭᠵᠢᠭᠤᠯᠤᠨ᠂ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠡᠨᠡ ᠵᠢᠯ ᠤᠨ ᠬᠡᠷᠡᠭᠵᠢᠭᠦᠯᠬᠦ ᠪᠠᠷ ᠲᠥᠯᠥᠪᠯᠡᠵᠦ ᠪᠠᠶᠢᠭ᠎ᠠ ᠭᠤᠣᠯᠳᠠᠯᠭ᠎ᠠ ᠲᠠᠢ ᠲᠦᠷᠦᠯ ᠵᠦᠢᠯ ᠢ ᠴᠢᠩᠭ᠎ᠠ ᠠᠩᠬᠠᠷᠴᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠡᠯᠧᠮᠧᠨ᠋ᠲ ᠤᠨ ᠢᠵᠢ ᠪᠦᠷᠢᠳᠦᠭᠰᠡᠨ ᠪᠠᠲᠤᠯᠠᠭ᠎ᠠ ᠶᠢ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠡᠨᠡᠬᠦ ᠬᠠᠷᠠᠯᠲᠠ ᠶᠢ ᠴᠢᠩᠭ᠎ᠠ ᠠᠩᠬᠠᠷᠴᠤ᠂ ᠳᠤᠲᠠᠭᠤᠳᠠᠯ ᠢᠶᠠᠨ ᠴᠢᠨᠠᠭᠰᠢᠳᠠ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠨᠤᠯ ᠤᠨ ᠤᠬᠠᠭᠤᠯᠭ᠎ᠠ ᠶᠢᠨ ︽ᠲᠦᠷᠪᠡᠨ ᠬᠡᠪ ᠳᠠᠭᠤᠷᠢᠶᠠᠯ︾᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠡᠳᠦᠪᠲᠦ ᠦᠵᠡᠭᠦᠯᠦᠯᠭᠡ ᠶᠢᠨ ᠣᠷᠳᠣᠨ ᠤ ᠪᠦᠳᠦᠭᠡᠨ ᠪᠠᠶᠢᠭᠤᠯᠤᠯᠲᠠ ᠵᠡᠷᠭᠡ ᠠᠵᠢᠯ ᠢ ᠰᠠᠶᠢᠲᠤᠷ ᠠᠳᠬᠤᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ 2023 ᠣᠨ ᠤ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠣᠯᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠭᠦᠢᠴᠡᠳᠬᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠦᠬᠠᠢ ᠬᠤᠳᠠ ᠶᠢᠨ

        365bet400电话_365bet亚洲官方_www.28365-365.com

        ᠪᠣᠯᠪᠠᠰᠤᠷᠠᠭᠤᠯᠤᠭᠰᠠᠨ ᠴᠢᠯᠠᠭᠤᠨ ᠲᠤᠰᠤ ᠶᠢ ᠲᠤᠰᠬᠠᠢ ᠴᠡᠭᠴᠡᠯᠡᠨ ᠵᠠᠰᠠᠬᠤ ᠠᠵᠢᠯ ᠤᠨ ᠲᠥᠰᠦᠯ︾ ᠵᠡᠷᠭᠡ ᠪᠢᠴᠢᠭ ᠮᠠᠲ᠋ᠧᠷᠢᠶᠠᠯ ᠢ ᠰᠤᠳᠤᠯᠵᠠᠢ᠃

        365bet400电话_365bet亚洲官方_www.28365-365.com

         
        ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号