乌海市人民政府蒙古文网 365bet400电话_365bet亚洲官方_www.28365-365.com

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         

        365bet400电话_365bet亚洲官方_www.28365-365.com

        365bet400电话_365bet亚洲官方_www.28365-365.com

        ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠵᠢᠴᠢ ᠬᠤᠲᠠ ᠶᠢᠨ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ᠂ ᠬᠤᠲᠠ ᠶᠢᠨ ᠪᠥᠬᠦ ᠨᠡᠶᠢᠭᠡᠮ ᠤᠨ ᠡᠬᠢ ᠪᠠᠶᠠᠯᠢᠭ ᠢ ᠪᠥᠬᠦ ᠲᠠᠯ᠎ᠠ ᠪᠠᠷ ᠠᠷᠪᠢᠯᠠᠵᠤ ᠡᠷᠴᠢᠮᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ 1 ᠳ᠋ᠤᠭᠡᠷ ᠣᠳᠠᠭᠠᠨ ᠤ ᠬᠤᠷᠠᠯ ᠬᠤᠷᠠᠯᠳᠤᠪᠠ
        ᠨᠡᠶᠢᠲᠡᠯᠡᠭᠰᠡᠨ ᠴᠠᠭ᠄
        2023/3/30
             3 ᠰᠠᠷ᠎ᠠ ᠶᠢᠨ 29 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠵᠢᠴᠢ ᠬᠤᠲᠠ ᠶᠢᠨ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ᠂ ᠬᠤᠲᠠ ᠶᠢᠨ ᠪᠥᠬᠦ ᠨᠡᠶᠢᠭᠡᠮ ᠤᠨ ᠡᠬᠢ ᠪᠠᠶᠠᠯᠢᠭ ᠢ ᠪᠥᠬᠦ ᠲᠠᠯ᠎ᠠ ᠪᠠᠷ ᠠᠷᠪᠢᠯᠠᠵᠤ ᠡᠷᠴᠢᠮᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ 1 ᠳ᠋ᠤᠭᠡᠷ ᠣᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ︽ᠬᠤᠤᠰ ᠨᠡᠭᠦᠷᠡᠰᠦᠳᠦ᠋ᠷᠦᠭᠴᠢ︾᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ ᠮᠠᠨ ᠤ ᠬᠤᠲᠠ ᠶᠢᠨ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ᠂ ᠡᠬᠢ ᠪᠠᠶᠠᠯᠢᠭ ᠢ ᠪᠦᠬᠦ ᠲᠠᠯ᠎ᠠ ᠪᠠᠷ ᠠᠷᠪᠢᠯᠠᠵᠤ ᠡᠷᠴᠢᠮᠵᠢᠭᠦᠯᠬᠦ ᠬᠤᠯᠪᠣᠭᠳᠠᠯ ᠪᠦᠬᠦᠢ ᠶᠠᠪᠤᠳᠠᠯ ᠢ ᠰᠤᠳᠤᠯᠪᠡ᠃ ᠬᠤᠷᠠᠯ ᠠᠴᠠ ᠵᠢᠭᠠᠵᠤ ᠭᠠᠷᠭᠠᠭᠰᠠᠨ ᠨᠢ᠂ ︽ᠬᠤᠣᠰ ᠨᠡᠭᠦᠷᠡᠰᠦᠲᠥ᠋ᠷᠥᠭᠴᠢ︾ ᠶᠢᠨ ᠠᠵᠢᠯ ᠢ ᠰᠠᠶᠢᠲᠤᠷ ᠬᠢᠵᠦ᠂ ᠡᠬᠢ ᠪᠠᠶᠠᠯᠢᠭ ᠢ ᠪᠦᠬᠦ ᠲᠠᠯ᠎ᠠ ᠪᠠᠷ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠬᠤ ᠪᠣᠯ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠪᠣᠯᠬᠤ ᠪᠥᠭᠡᠳ ᠪᠠᠰᠠ ᠴᠤ ᠪᠢᠳᠡᠨ ᠤ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠵᠤ᠂ ᠠᠵᠤ ᠦᠢᠯᠡᠰ ᠪᠣᠯᠤᠨ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠶᠢᠨ ᠳᠣᠲᠣᠭᠠᠳᠤ ᠱᠠᠭᠠᠷᠳᠠᠯᠭ᠎ᠠ ᠪᠣᠯᠤᠨ᠎ᠠ᠃ ᠪᠦᠬᠦ ᠬᠤᠳᠠ ᠪᠠᠷ ᠢᠶᠠᠨ ᠨᠡᠭᠦᠷᠡᠰᠦ᠂ ᠴᠠᠬᠢᠯᠭᠠᠨ᠂ ᠲᠣᠰᠣ᠂ ᠬᠡᠢ᠂ ᠰᠠᠯᠬᠢ᠂ ᠭᠡᠷᠡᠯ᠂ ᠤᠰᠤᠲᠥ᠋ᠷᠥᠭᠴᠢ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠠᠷᠢᠭᠤᠨ ᠴᠡᠪᠡᠷ ᠲᠤᠤᠷ᠎ᠠ ᠨᠡᠭᠦᠷᠡᠰᠦᠲᠥ᠋ᠷᠥᠭᠴᠢᠲᠤ ᠠᠮᠤᠷ ᠲᠦᠪᠰᠢᠨ ᠥᠨᠳᠥᠷ ᠪᠦᠲᠦᠮᠵᠢᠲᠡᠢ ᠡᠨᠧᠷᠭᠢ ᠶᠢᠨ ᠰᠢᠰᠲ᠋ᠧᠮ ᠢ ᠬᠦᠴᠦᠯᠡᠨ ᠪᠠᠶᠢᠭᠤᠯᠬᠤ ᠬᠡᠷᠡᠭᠲᠡᠢ᠃ ᠨᠡᠭᠦᠷᠡᠰᠦᠨ ᠤ ᠡᠬᠢ ᠪᠠᠶᠠᠯᠢᠭ ᠢ ᠨᠡᠶᠢᠳᠬᠡᠬᠦ᠂ ᠨᠡᠭᠦᠷᠡᠰᠦ ᠤᠬᠢᠶᠠᠵᠤ ᠰᠣᠩᠭᠤᠨ ᠪᠣᠯᠪᠠᠰᠤᠷᠠᠭᠤᠯᠬᠤ ᠠᠵᠢᠯ ᠲᠦᠷᠦᠯ ᠢ ᠡᠭᠴᠡ ᠪᠠᠷ ᠨᠢᠭᠡ ᠴᠤᠬᠴᠠᠵᠢᠭᠤᠯᠤᠨ ᠨᠡᠶᠢᠳᠬᠡᠬᠦ᠂ ᠬᠡᠦᠷᠰᠢᠭᠦᠯᠬᠦ ᠠᠵᠤ ᠦᠢᠯᠡᠰ ᠢ ᠨᠡᠶᠢᠳᠬᠡᠨ ᠲᠠᠬᠢᠨ ᠵᠣᠬᠢᠶᠠᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠳᠡᠭᠡᠳᠦ ᠲᠡᠰᠵᠢᠯᠳᠡ᠂ ᠤᠶᠤᠨᠴᠢᠯᠠᠯᠲᠠ᠂ ᠪᠣᠬᠢᠷᠲᠤᠯ ᠦᠭᠡᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ᠃ ︽ᠲᠠᠪᠤ ᠶᠢ ᠲᠤᠶᠢᠯᠪᠤᠷᠢᠳᠠᠢ ᠪᠠᠶᠢᠴᠠᠭᠠᠬᠤ︾ ᠠᠵᠢᠯ ᠯᠤᠭ᠎ᠠ ᠤᠶᠠᠯᠳᠤᠭᠤᠯᠤᠨ᠂ ᠡᠯ᠎ᠡ ᠲᠦᠷᠦᠯ ᠤᠨ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠠᠮᠤᠷ ᠠᠮᠤᠭᠤᠯᠠᠩ ᠦᠬᠠᠢ ᠶᠢᠨ ᠪᠦᠳᠦᠭᠡᠨ ᠪᠠᠶᠢᠭᠤᠯᠤᠯᠲᠠ ︵ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ︶ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ 1 ᠳ᠋ᠤᠭᠡᠷ ᠤᠳᠠᠭ᠎ᠠ ᠶᠢᠨ ᠬᠤᠷᠠᠯ ᠢ ᠲᠠᠭᠠᠯᠳᠣᠭᠤᠯᠣᠨ ᠬᠤᠷᠠᠯᠳᠤᠭᠤᠯᠵᠤ᠂ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠢᠭ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽︿ᠠᠮᠤᠷ ᠠᠮᠤᠭᠤᠯᠠᠩ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ﹀ ᠶᠢ ᠴᠢᠷᠮᠠᠶᠢᠨ ᠡᠭᠦᠳᠬᠦ ᠲᠤᠬᠠᠢ ᠠᠵᠢᠯ ᠤᠨ ᠲᠥᠰᠦᠯ ︾ ᠢ ᠬᠢᠨᠠᠨ ᠵᠥᠪᠯᠡᠪᠡ᠃ ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠥᠪᠡᠷ ᠢ ᠪᠠᠨ ᠦᠨᠡᠯᠡᠬᠦ ᠶᠢ ᠪᠦᠬᠦ ᠲᠠᠯ᠎ᠠ ᠪᠠᠷ ᠥᠷᠨᠢᠭᠦᠯᠵᠦ᠂ ᠳᠤᠲᠠᠭᠤᠳᠠᠯ ᠢᠶᠠᠨ ᠲᠦᠷᠭᠡᠨ ᠨᠥᠬᠦᠪᠥᠷᠢᠯᠡᠵᠦ᠂ ᠠᠰᠠᠭᠤᠳᠠᠯ ᠳᠠᠷᠠᠭᠠᠯᠠᠨ ᠴᠡᠭᠴᠡᠯᠡᠨ ᠰᠠᠶᠢᠵᠢᠷᠠᠭᠤᠯᠵᠤ᠂ ᠲᠤᠷᠰᠢᠯᠭ᠎ᠠ ᠠᠷᠭ᠎ᠠ ᠬᠢᠳᠡᠯ ᠢᠶᠠᠨ ᠨᠠᠷᠢᠨ ᠬᠢᠨᠠᠮᠠᠭᠠᠢ ᠳ᠋ᠦᠩᠨᠡᠵᠦ᠂ ᠰᠢᠯᠭᠠᠨ ᠠᠪᠬᠤ ᠠᠵᠢᠯ ᠤᠨ ᠲᠡᠭᠦᠰ ᠠᠮᠵᠢᠯᠲᠠ ᠲᠠᠢ ᠪᠡᠶᠡᠯᠡᠭᠳᠡᠬᠦ ᠶᠢ ᠪᠠᠲᠤᠯᠠᠬᠤ ᠬᠡᠷᠡᠭᠲᠡᠢ᠃ ︽ᠠᠮᠤᠷ ᠠᠮᠤᠭᠤᠯᠠᠩ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ︾ ᠶᠢ ᠡᠭᠦᠳᠦᠨ ᠪᠠᠶᠢᠭᠤᠯᠬᠤ ᠭᠤᠶᠤᠴᠢᠯᠠᠨ ᠮᠡᠳᠡᠭᠦᠯᠬᠦ ᠨᠥᠬᠦᠴᠡᠯ ᠯᠦᠭᠡ ᠬᠠᠷᠢᠴᠠᠭᠤᠯᠵᠤ᠂ ᠠᠵᠢᠯ ᠤᠨ ᠲᠥᠰᠦᠯ ᠢᠶᠠᠨ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠪᠯᠡᠷᠡᠭᠦᠯᠦᠨ ᠪᠣᠭᠤᠮᠲᠠ ᠰᠢᠪᠲᠤᠯᠵᠤ᠂ ᠤᠬᠠᠭᠤᠯᠭ᠎ᠠ ᠪᠠᠨ ᠰᠠᠶᠢᠲᠤᠷ ᠠᠳᠬᠤᠵᠤ᠂ ᠬᠢᠯᠠᠰ ᠴᠢᠭ ᠢ ᠪᠣᠶ ᠪᠣᠯᠭᠠᠵᠤ᠂ ᠣᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ ᠤᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠮᠤᠷ ᠠᠮᠤᠭᠤᠯᠠᠩ ᠢᠶᠠᠷ ︽ᠦᠬᠠᠶ ᠶᠢᠨ ᠨᠠᠷᠠᠲᠤ ᠲᠡᠮᠳᠡᠭᠲᠦ︾ ᠶᠢ ᠡᠭᠦᠳᠦᠨ ᠪᠠᠶᠢᠭᠤᠯᠬᠤ ᠶᠢ ᠠᠬᠢᠭᠤᠯᠬᠤ ᠬᠡᠷᠡᠭᠲᠡᠶ ᠬᠡᠵᠡᠢ      ᠬᠤᠷᠠᠯ ᠠᠴᠠ 2023 ᠣᠨ ᠤ ᠶᠡᠷᠦᠩᠬᠡᠢ ᠭᠤᠣᠯ ᠤᠨ ᠳᠠᠷᠤᠭ᠎ᠠ ᠨᠠᠷ ᠤᠨ ᠬᠤᠷᠠᠯ ᠢ ᠲᠠᠭᠠᠯᠳᠣᠭᠤᠯᠣᠨ ᠬᠤᠷᠠᠯᠳᠤᠭᠤᠯᠵᠤ᠂ ︽ᠦᠬᠠᠢ ᠬᠤᠳᠠ ᠶᠢᠨ 2023 ᠣᠨ ᠤ ᠭᠤᠣᠯ ᠤᠨ ᠳᠠᠷᠤᠭ᠎ᠠ ᠶᠢᠨ ᠳᠦᠷᠢᠮ ᠤᠨ ᠠᠵᠢᠯ ᠤᠨ ᠭᠤᠣᠯᠳᠠᠯᠭ᠎ᠠ︾ ᠶᠢ ᠬᠢᠨᠠᠨ ᠵᠥᠪᠯᠡᠪᠡ᠃ ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ︽ᠬᠠᠳᠤᠨ ᠭᠤᠣᠯ ᠤᠨ ᠬᠠᠮᠠᠭᠠᠯᠠᠯᠲᠠ ᠶᠢᠨ ᠬᠠᠤᠯᠢ︾ ᠶᠢ ᠪᠦᠬᠦ ᠲᠠᠯ᠎ᠠ ᠪᠠᠷ ᠲᠤᠤᠱᠯᠠᠭᠤᠯᠵᠤ᠂ ︽ᠲᠦᠷᠪᠡᠨ ᠤᠰᠤ ᠪᠠᠷ ᠲᠦᠷᠪᠡ ᠶᠢ ᠲᠣᠭᠲᠠᠭᠠᠬᠤ︾ ᠵᠠᠷᠴᠢᠮ ᠢ ᠡᠷᠡᠰ ᠨᠠᠶᠢᠳᠠᠪᠤᠷᠢᠵᠢᠭᠤᠯᠵᠤ᠂ ᠤᠰᠤᠨ ᠳᠤ ᠬᠤᠯᠪᠣᠭᠳᠠᠭᠰᠠᠨ ᠡᠯ᠎ᠡ ᠲᠦᠷᠦᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠤᠰᠤ ᠠᠷᠪᠢᠯᠠᠬᠤ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠤᠰᠤᠨ ᠤ ᠡᠬᠢ ᠪᠠᠶᠠᠯᠢᠭ ᠤᠨ ᠲᠤᠬᠢᠷᠠᠭᠤᠯᠤᠯᠳᠠ ᠪᠠᠨ ᠰᠢᠯᠢᠳᠡᠭᠵᠢᠭᠦᠯᠵᠦ᠂ ᠬᠠᠤᠯᠢ ᠲᠣᠭᠲᠠᠭᠠᠯ ᠶᠣᠰᠣᠭᠠᠷ ᠬᠢᠭᠰᠡᠨ ᠤᠷᠢᠲᠠᠯ ᠳᠣᠣᠷ᠎ᠠ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
         
        ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号