3 ᠰᠠᠷ᠎ᠠ ᠶᠢᠨ 30 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ | ᠳᠠᠷᠤᠭ᠎ᠠ ᠼᠦᠢ ᠵᠢᠩ ᠶᠢᠩ ᠬᠠᠶᠢᠷᠤᠪ ᠤᠨ ᠲᠤᠬᠤᠢ ᠲᠣᠭᠤᠷᠢᠭ ᠲᠤ ᠪᠦᠬᠦ ᠬᠤᠳᠠ ᠶᠢᠨ ᠢᠳᠡᠭᠡᠨ ᠤ ᠵᠦᠢᠯ ᠪᠠ | ᠡᠮ ᠤᠨ ᠵᠦᠢᠯ ᠤᠨ ᠠᠮᠤᠷ ᠲᠦᠪᠰᠢᠨ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢᠶᠠᠨ ᠰᠢᠯᠢᠳᠡᠭᠵᠢᠭᠦᠯᠬᠦ | ᠭᠤᠣᠯᠳᠠᠯᠭ᠎ᠠ ᠲᠠᠢ ᠠᠵᠢᠯ ᠳᠤ ᠪᠠᠶᠢᠴᠠᠭᠠᠨ ᠰᠣᠳᠣᠯᠣᠯᠳᠠ ᠬᠢᠵᠤ᠂ ᠳᠠᠭᠠᠭᠠᠴᠢᠯᠠᠨ ᠪᠠᠲᠤᠯᠠᠭᠰᠠᠨ ᠠᠵᠤ | ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠪᠠ᠃ | ᠼᠦᠢ ᠵᠢᠩ ᠶᠢᠩ ᠳᠠᠭᠠᠭᠠᠴᠢᠯᠠᠨ ᠪᠠᠲᠤᠯᠠᠭᠰᠠᠨ ᠠᠵᠤ ᠠᠬᠤᠶᠢᠯᠠᠯ ᠰᠢᠨ ᠪᠠᠢ ᠬᠤᠯᠪᠣᠭᠠᠯᠠᠭᠰᠠᠨ ᠴᠢᠯᠦᠭᠡᠲᠤ | ᠳᠡᠯᠭᠡᠭᠦᠷ ᠲᠤ ᠦᠢᠯᠡᠳᠬᠦᠨ ᠤ ᠶᠠᠰᠤ ᠴᠢᠨᠠᠷ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠪᠠᠶᠢᠳᠠᠯ ᠢ ᠨᠢ | ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠬᠡᠯᠡᠭᠰᠡᠨ ᠨᠢ᠂ ᠴᠢᠯᠦᠭᠡᠲᠤ ᠳᠡᠯᠭᠡᠭᠦᠷ ᠢᠳᠡᠭᠡᠨ ᠤ | ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭᠠᠲᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠡᠯ᠎ᠡ | ᠵᠦᠢᠯ ᠤᠨ ᠶᠠᠰᠤ ᠴᠢᠨᠠᠷ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠶ ᠨᠠᠷᠢᠯᠢᠭ ᠨᠠᠶᠢᠳᠠᠪᠤᠷᠢᠵᠢᠭᠤᠯᠵᠤ᠂ | ᠲᠣᠭᠲᠠᠭᠰᠠᠨ ᠬᠤᠭᠤᠴᠠᠭ᠎ᠠ ᠲᠠᠢ ᠪᠠᠷ ᠥᠪᠡᠷ ᠢ ᠪᠠᠨ ᠪᠠᠶᠢᠴᠠᠭᠠᠬᠤ ᠶᠢ ᠥᠷᠨᠢᠭᠦᠯᠵᠦ᠂ ᠢᠳᠡᠭᠡᠨ ᠤ ᠠᠮᠤᠷ | ᠲᠦᠪᠰᠢᠨ ᠤ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠬᠦ ᠬᠡᠷᠡᠭᠲᠡᠶ ᠭᠡᠵᠡᠢ᠃ | ᠼᠦᠢ ᠵᠢᠩ ᠶᠢᠩ ᠿᠦᠨ ᠴᠢᠨ ᠴᠢᠤᠸᠠᠨ ᠤᠮᠳᠠᠭᠠᠨ ᠤ ᠬᠢᠵᠠᠭᠠᠷᠲᠤ ᠺᠣᠮᠫᠠᠨᠢ᠂ ᠶᠢᠦ ᠵᠢᠶᠠ ᠯᠧ | ᠤᠷᠭᠤᠮᠠᠯ ᠤᠨ ᠲᠣᠰᠣᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠬᠤᠲᠠ ᠶᠢᠨ ᠰᠢᠯᠭᠠᠨ ᠪᠠᠶᠢᠴᠠᠭᠠᠵᠤ | ᠪᠠᠶᠢᠴᠠᠭᠠᠨ ᠬᠡᠮᠵᠢᠬᠦ ᠲᠥᠪ ᠲᠤ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠶᠠᠰᠤ ᠴᠢᠨᠠᠷ ᠢ ᠪᠠᠲᠤᠯᠠᠬᠤ | ᠠᠷᠭ᠎ᠠ ᠬᠡᠮᠵᠢᠶ᠎ᠡ ᠪᠣᠯᠤᠨ ᠭᠤᠤᠯ ᠠᠵᠢᠯᠲᠠᠨ ᠤ ᠬᠦᠴᠦᠨ᠂ ᠲᠥᠬᠦᠭᠡᠷᠦᠮᠵᠢ ᠶᠢᠨ ᠲᠣᠬᠢᠷᠠᠭᠤᠯᠤᠯᠲᠠ ᠵᠡᠷᠭᠡ ᠪᠠᠶᠢᠳᠠᠯ ᠢ | ᠨᠢ ᠨᠠᠷᠢᠨ ᠣᠶᠢᠯᠠᠭᠠᠪᠠ᠃ ᠼᠦᠢ ᠵᠢᠩ ᠶᠢᠩ ᠬᠡᠯᠡᠭᠰᠡᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ | ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠡᠬᠢ | ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠪᠠᠨ | ᠴᠢᠩᠭᠠᠳᠬᠠᠵᠤ᠂ ᠤᠯᠠᠨ ᠲᠦᠮᠡᠨ ᠤ ᠢᠳᠡᠭᠡᠨ ᠤᠮᠳᠠᠭᠠᠨ ᠡᠮ ᠬᠡᠷᠡᠭᠯᠡᠬᠦ ᠠᠮᠤᠷ ᠲᠦᠪᠰᠢᠨ ᠢ ᠦᠨᠡᠨᠬᠦ ᠪᠠᠲᠤᠯᠠᠬᠤ | ᠬᠡᠷᠡᠭᠲᠡᠢ᠃ ᠬᠤᠲᠠ ᠶᠢᠨ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠲᠥᠪ ᠨᠢ ᠡᠮ ᠤᠨ ᠵᠦᠢᠯ ᠵᠡᠷᠭᠡ ᠰᠢᠯᠭᠠᠨ | ᠪᠠᠶᠢᠴᠠᠭᠠᠵᠤ ᠪᠠᠶᠢᠴᠠᠭᠠᠨ ᠬᠡᠮᠵᠢᠬᠦ ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠶᠠᠰᠤ ᠴᠢᠨᠠᠷ ᠤᠨ ᠠᠮᠤᠷ | ᠲᠦᠪᠰᠢᠨ ᠤ ᠪᠣᠭᠤᠮᠲᠠ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠶ ᠬᠡᠵᠡᠢ᠃ | ᠬᠤᠳᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ᠂ ᠼᠦᠢ ᠵᠢᠩ ᠶᠢᠩ ᠲᠤᠬᠠᠶᠢᠯᠠᠭᠰᠠᠨ | ᠠᠵᠢᠯ ᠤᠨ ᠭᠦᠢᠴᠡᠳᠬᠡᠬᠦ ᠶᠠᠪᠤᠴᠠ᠂ ᠡᠳᠦᠷ ᠪᠦᠷᠢ ᠶᠢᠨ ᠳᠤᠮᠳᠠᠴᠢ ᠲᠤᠬᠠᠶᠢᠯᠠᠭᠰᠠᠨ ᠠᠵᠢᠯ ᠤᠨ ᠬᠡᠮᠵᠢᠶ᠎ᠡ ᠵᠡᠷᠭᠡ | ᠪᠠᠶᠢᠳᠠᠯ ᠢ ᠨᠢ ᠨᠠᠷᠢᠨ ᠯᠠᠪᠯᠠᠨ ᠠᠰᠠᠭᠤᠪᠠ᠃ ᠲᠡᠷᠡ ᠬᠡᠯᠡᠭᠰᠡᠨ ᠨᠢ᠂ ᠡᠯ᠎ᠡ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠨ ᠬᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠩ ᠰᠢᠯᠢᠳᠡᠭ ᠬᠤᠳᠠᠯᠳᠤᠭ᠎ᠠ | ᠡᠵᠡᠩᠨᠡᠬᠦ ᠣᠷᠴᠢᠨ ᠲᠤᠭᠤᠷᠢᠨ ᠢᠶᠠᠷ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠦᠢᠯᠡᠴᠢᠯᠡᠬᠦ ᠠᠵᠢᠯᠯᠠᠭᠠᠨ ᠤ | ᠲᠥᠰᠦᠯ︾ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠳᠥᠭᠦᠮ ᠳᠥᠲᠡ ᠥᠨᠳᠥᠷ | ᠪᠦᠲᠦᠮᠵᠢᠲᠡᠶ ᠵᠠᠰᠠᠭ ᠤᠨ ᠶᠠᠪᠤᠳᠠᠯ ᠤᠨ ᠣᠷᠴᠢᠨ ᠲᠤᠭᠤᠷᠢᠨ ᠢ ᠰᠢᠰᠲ᠋ᠧᠮ ᠲᠠᠢ ᠪᠣᠶ ᠪᠣᠯᠭᠠᠬᠤ ᠵᠡᠷᠭᠡ | ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠨ ᠵᠥᠪᠰᠢᠶᠡᠷᠡᠬᠦ ᠶᠠᠪᠤᠴᠠ ᠪᠠᠨ ᠤᠯᠠᠮ | ᠨᠢᠭᠡ ᠠᠯᠬᠤᠮ ᠰᠢᠯᠢᠳᠡᠭᠵᠢᠭᠦᠯᠵᠤ᠂ ᠦᠢᠯᠡᠴᠢᠯᠡᠭᠡᠨ ᠤ ᠴᠢᠳᠠᠮᠵᠢ ᠪᠠᠨ ᠲᠡᠭᠦᠯᠳᠡᠷᠵᠢᠭᠦᠯᠵᠦ᠂ ᠠᠵᠤ ᠠᠬᠤᠶᠢᠯᠠᠯ ᠳᠤ | ᠠᠰᠢᠭᠲᠠᠶ ᠠᠷᠠᠳ ᠲᠤ ᠲᠥᠬᠦᠮ ᠦᠵᠡᠭᠦᠯᠬᠦ ᠨᠠᠩ ᠰᠢᠯᠢᠳᠡᠭ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠪᠥᠬᠦ | ᠬᠦᠴᠦᠨ ᠢᠶᠠᠷ ᠢᠶᠠᠨ ᠪᠣᠶ ᠪᠣᠯᠭᠠᠬᠤ ᠬᠡᠷᠡᠭᠲᠡᠶ ᠭᠡᠵᠡᠢ᠃ |