乌海市人民政府蒙古文网 365bet400电话_365bet亚洲官方_www.28365-365.com

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         

        365bet400电话_365bet亚洲官方_www.28365-365.com

        ᠲᠠᠩ ᠢ ᠪᠦᠯᠬᠦᠮ ᠳᠠᠭᠠᠭᠤᠯᠤᠨ ᠨᠢᠩᠰᠢᠶᠠ ᠶᠢᠨ ᠨᠢᠩᠰᠢᠶᠠ ᠶᠢᠨ ᠵᠡᠬᠦᠨ ᠳᠠᠬᠢ ᠡᠨᠧᠷᠭᠢ ᠪᠠ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠲᠤ ᠬᠦᠷᠴᠦ ᠰᠢᠨᠵᠢᠯᠡᠨ ᠪᠠᠶᠢᠴᠠᠭᠠᠵᠤ ᠬᠤᠳᠠᠯᠳᠤᠭᠠᠴᠢᠨ ᠣᠷᠢᠪᠠ
        ᠨᠡᠶᠢᠲᠡᠯᠡᠭᠰᠡᠨ ᠴᠠᠭ᠄
        2023/3/31
             3 ᠰᠠᠷ᠎ᠠ ᠶᠢᠨ 30 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠪᠦᠯᠬᠦᠮ ᠳᠠᠭᠠᠭᠤᠯᠤᠨ ᠨᠢᠩᠰᠢᠶᠠ ᠶᠢᠨ ᠨᠢᠩᠰᠢᠶᠠ ᠶᠢᠨ ᠵᠡᠬᠦᠨ ᠳᠠᠬᠢ ᠡᠨᠧᠷᠭᠢ ᠪᠠ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠲᠤ ᠬᠦᠷᠴᠦ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠡᠵᠡᠩᠨᠡᠯᠲᠡ ᠵᠢᠴᠢ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠨᠢ ᠰᠢᠨᠵᠢᠯᠡᠨ ᠪᠠᠶᠢᠴᠠᠭᠠᠵᠤ᠂ ᠬᠤᠯᠪᠣᠭᠳᠠᠯ ᠪᠥᠬᠦᠶ ᠬᠠᠮᠲᠤᠷᠠᠯᠴᠠᠭᠠᠨ ᠤ ᠵᠦᠢᠯᠡᠰ ᠢ ᠵᠣᠯᠭᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠢ ᠴᠦᠨ ᠰᠢᠶᠤᠤ ᠰᠢᠨᠵᠢᠯᠠᠨ ᠪᠠᠶᠢᠴᠠᠭᠠᠬᠤ ᠳᠤ ᠣᠷᠣᠯᠴᠠᠪᠡ᠃      ᠲᠠᠩ ᠢ ᠨᠡᠷ ᠤᠷᠢᠳ ᠬᠤᠵᠢᠳ ᠨᠢᠩᠰᠢᠶᠠ ᠶᠢᠨ ᠵᠡᠬᠦᠨ ᠳᠠᠬᠢ ᠡᠨᠧᠷᠭᠢ ᠪᠠ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠤᠨ ᠬᠠᠮᠢᠶᠠᠷᠤᠯᠲᠠ ᠶᠢᠨ ᠵᠥᠪᠯᠡᠯ᠂ ᠤᠯᠤᠰ ᠤᠨ ᠡᠨᠧᠷᠭᠢ ᠶᠢᠨ ᠪᠦᠯᠦᠭᠯᠡᠯ ᠤᠨ ᠨᠢᠩᠰᠢᠶᠠ ᠶᠢᠨ ᠨᠡᠭᠦᠷᠡᠰᠦᠨ ᠤ ᠦᠢᠯᠡᠰ ᠤᠨ ᠺᠣᠮᠫᠠᠨᠢ᠂ ᠲᠠᠢ ᠾᠧ ᠰᠢᠨ᠎ᠡ ᠮᠠᠲ᠋ᠧᠷᠢᠶᠠᠯ ᠤᠨ ᠺᠣᠮᠫᠠᠨᠢ᠂ ᠪᠠᠢ ᠴᠤᠸᠠᠨ ᠰᠢᠨ᠎ᠡ ᠮᠠᠲ᠋ᠧᠷᠢᠶᠠᠯ ᠤᠨ ᠺᠣᠮᠫᠠᠨᠢ᠂ ᠪᠦᠦ ᠹᠧᠩ ᠡᠨᠧᠷᠭᠢ ᠶᠢᠨ ᠪᠦᠯᠦᠭᠯᠡᠯ ᠳᠤ ᠬᠦᠷᠴᠦ᠂ ᠨᠢᠩᠰᠢᠶᠠ ᠶᠢᠨ ᠵᠡᠬᠦᠨ  ᠳᠠᠬᠢ ᠡᠨᠧᠷᠭᠢ ᠪᠠ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠤᠨ ᠬᠠᠮᠢᠶᠠᠷᠤᠯᠲᠠ ᠶᠢᠨ ᠵᠥᠪᠯᠡᠯ ᠤᠨ ᠬᠤᠯᠪᠤᠭᠳᠠᠯ ᠪᠦᠬᠦᠢ ᠬᠠᠷᠢᠭᠤᠴᠠᠯᠭᠠᠲᠠᠨ ᠯᠤᠭ᠎ᠠ ᠬᠦᠷᠢᠶᠡᠯᠡᠩ ᠲᠣᠭᠤᠷᠢᠭ ᠤᠨ ᠡᠵᠡᠩᠨᠡᠯᠲᠡ ᠶᠢᠨ ᠲᠤᠷᠰᠢᠯᠭ᠎ᠠ ᠪᠠᠨ

        365bet400电话_365bet亚洲官方_www.28365-365.com

        ᠰᠣᠯᠢᠯᠴᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠬᠥᠭᠵᠢᠯᠲᠡ ᠵᠢᠴᠢ ᠦᠢᠯᠡᠳᠬᠦᠨ ᠤ ᠦᠢᠯᠡᠳᠪᠦᠷᠢᠯᠡᠯ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠨᠢ ᠨᠠᠷᠢᠨ ᠬᠢᠨᠠᠮᠠᠭᠠᠢ ᠰᠣᠨᠣᠰᠪᠡ᠃ ᠲᠡᠷᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠢ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢᠨ ᠲᠤᠷᠰᠢᠯᠭ᠎ᠠ ᠶᠢ ᠨᠢ ᠢᠳᠡᠪᠬᠢᠲᠡᠢ ᠰᠤᠷᠤᠯᠴᠠᠵᠤ᠂ ᠮᠠᠨ ᠤ ᠬᠤᠲᠠ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠡᠵᠡᠩᠨᠡᠯᠲᠡ ᠶᠢᠨ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠤᠨ ᠲᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠤᠷᠤᠨ ᠢ ᠡᠭᠦᠳᠦᠨ ᠪᠠᠶᠢᠭᠤᠯᠬᠤ ᠠᠯᠬᠤᠴᠠ ᠪᠠᠨ ᠲᠦᠷᠭᠡᠳᠬᠡᠬᠦ ᠬᠡᠷᠡᠭᠲᠡᠢ᠃ ᠮᠠᠨ ᠤ ᠬᠤᠳᠠ ᠶᠢᠨ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢ ᠬᠥᠭᠵᠢᠭᠦᠯᠬᠦ ᠥᠪᠡᠷᠮᠢᠴᠡ ᠡᠬᠢ ᠪᠠᠶᠠᠯᠢᠭ ᠤᠨ ᠳᠠᠪᠠᠭᠤᠯᠢᠭ ᠪᠣᠯᠤᠨ ᠠᠵᠤ ᠦᠢᠯᠡᠰ ᠤᠨ ᠰᠠᠭᠤᠷᠢᠨ ᠳᠤ ᠰᠠᠭᠤᠷᠢᠯᠠᠵᠤ᠂ ᠨᠡᠭᠦᠷᠡᠰᠦ ᠪᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠪᠠᠨ ᠳᠠᠰᠤᠷᠠᠯᠳᠠ ᠦᠬᠡᠢ ᠳᠤᠤᠷᠠᠳᠤ ᠤᠷᠤᠰᠬᠠᠯ ᠲᠡᠰᠢ ᠤᠷᠲᠤᠳᠬᠠᠬᠤ᠂ ᠦᠷᠳᠡᠭ ᠤᠨ ᠬᠡᠯᠬᠢᠶ᠎ᠡ ᠪᠠᠨ ᠳᠤᠮᠳᠠ ᠳᠡᠭᠡᠳᠦ ᠲᠦᠪᠰᠢᠨ ᠲᠡᠰᠢ ᠳᠡᠭᠡᠭᠰᠢᠯᠡᠭᠦᠯᠬᠦ ᠶᠢ ᠠᠬᠢᠭᠤᠯᠵᠤ᠂ ᠨᠡᠭᠦᠷᠡᠰᠦ ᠪᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠮᠠᠨ ᠤ ᠬᠤᠲᠠ ᠶᠢᠨ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠨᠢᠩᠰᠢᠶᠠ ᠶᠢᠨ ᠵᠡᠬᠦᠨ ᠳᠠᠬᠢ ᠡᠨᠧᠷᠭᠢ ᠪᠠ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠤᠨ ᠬᠤᠯᠪᠣᠭᠳᠠᠯ ᠪᠦᠬᠦᠢ ᠠᠵᠤ ᠠᠬᠤᠶᠢᠯᠠᠯ ᠤᠨ ᠲᠡᠷᠢᠭᠦᠨ ᠤ ᠲᠤᠷᠰᠢᠯᠭ᠎ᠠ ᠶᠢ ᠰᠤᠷᠤᠯᠴᠠᠨ ᠲᠤᠯᠢᠳᠠᠵᠤ᠂ ᠬᠠᠮᠢᠶᠠᠷᠤᠯᠲᠠ ᠶᠢᠨ ᠲᠣᠭᠲᠠᠴᠠ ᠪᠠᠨ ᠲᠡᠭᠦᠯᠳᠡᠷᠵᠢᠭᠦᠯᠵᠤ᠂ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠵᠤ ᠠᠬᠤᠶᠢᠯᠠᠯ ᠤᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠣᠷᠣᠨ ᠪᠦᠰᠡ ᠶᠢᠨ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠵᠠᠬᠢᠪᠠ᠃      ᠲᠠᠩ ᠢ ᠨᠡᠷ ᠪᠠᠰᠠ ᠳ᠋ᠦᠩ ᠹᠠᠩ ᠰᠢ ᠸᠠᠩ ᠪᠦᠯᠦᠭᠯᠡᠯ ᠤᠨ ᠨᠢᠩᠰᠢᠶᠠ ᠶᠢᠨ ᠲᠠᠯᠠᠰᠲᠤ ᠰᠢᠨ᠎ᠡ ᠡᠨᠧᠷᠭᠢ ᠶᠢᠨ ᠮᠠᠲ᠋ᠧᠷᠢᠶᠠᠯ ᠤᠨ ᠲᠦᠷᠦᠯ ᠵᠦᠢᠯ ᠳᠤ ᠬᠦᠷᠴᠦ ᠰᠢᠨᠵᠢᠯᠡᠨ ᠪᠠᠶᠢᠴᠠᠭᠠᠪᠠ᠃
         
        ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号