ᠣᠶᠢᠷ᠎ᠠ ᠳᠤ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ | ᠪᠠ ᠣᠨᠴᠠ ᠴᠠᠭᠳᠠᠭ᠎ᠠ ᠶᠢᠨ ᠰᠠᠯᠪᠤᠷᠢ ᠠᠩᠭᠢ ᠦᠬᠠᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ | ᠬᠦᠷᠴᠦ ᠰᠦᠷᠳᠡᠭᠦᠯᠦᠯ ᠢ ᠡᠰᠡᠷᠭᠦᠴᠡᠬᠦ ᠮᠡᠳᠡᠯᠭᠡ ᠶᠢ ︽ᠰᠤᠷᠭᠠᠭᠤᠯᠢ ᠶᠢᠨ ᠬᠦᠷᠢᠶᠡᠨ ᠳᠤ ᠤᠷᠤᠭᠤᠯᠬᠤ︾ | ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠠᠷᠠᠳ ᠤᠨ ᠴᠠᠭᠳᠠᠭ᠎ᠠ ᠪᠠᠭᠰᠢ ᠰᠤᠷᠤᠭᠴᠢᠳ ᠲᠤ ᠶᠠᠭᠤ ᠶᠢ | ᠰᠦᠷᠳᠡᠭᠦᠯᠬᠦ ᠦᠵᠡᠯ ᠭᠡᠬᠦ᠂ ᠦᠷᠭᠦᠯᠵᠢ ᠲᠣᠬᠢᠶᠠᠯᠳᠤᠳᠠᠭ ᠰᠦᠷᠳᠡᠭᠦᠯᠦᠯ ᠤᠨ ᠳᠠᠭᠠᠷᠢᠯᠲᠠ ᠶᠢᠨ ᠠᠷᠭ᠎ᠠ ᠪᠠᠷᠢᠯ | ᠵᠢᠴᠢ ᠬᠦᠴᠦᠷᠭᠡᠭᠯᠡᠯ ᠤᠨ ᠰᠦᠷᠳᠡᠭᠦᠯᠦᠯ ᠤᠨ ᠠᠵᠢᠯᠯᠠᠭ᠎ᠠ ᠶᠢ ᠬᠡᠷᠬᠢᠨ ᠪᠦᠲᠦᠮᠵᠢᠲᠡᠶ ᠰᠡᠷᠭᠡᠶᠢᠯᠡᠬᠦ ᠵᠡᠷᠭᠡ ᠮᠡᠳᠡᠯᠭᠡ ᠶᠢ | ᠲᠠᠶᠢᠯᠪᠤᠷᠢᠯᠠᠨ ᠥᠭᠴᠦ᠂ ᠰᠦᠷᠳᠡᠭᠦᠯᠦᠯ ᠢ ᠡᠰᠡᠷᠭᠦᠴᠡᠬᠦ ᠤᠬᠠᠭᠤᠯᠭ᠎ᠠ ᠶᠢᠨ ᠮᠠᠲ᠋ᠧᠷᠢᠶᠠᠯ᠂ ᠤᠬᠠᠭᠤᠯᠭ᠎ᠠ ᠶᠢᠨ ᠭᠠᠷ | ᠳᠡᠪᠲᠡᠷ ᠢ ᠲᠠᠷᠬᠠᠭᠠᠨ ᠥᠭᠴᠦ᠂ ᠰᠤᠷᠤᠭᠴᠢᠳ ᠤᠨ ᠲᠤᠬᠠᠢ ᠶᠢᠨ ᠲᠠᠯᠠᠪᠤᠷ ᠤᠨ ᠮᠠᠳᠠᠭ ᠲᠠᠢ ᠠᠰᠠᠭᠤᠳᠠᠯ ᠢ ᠨᠢ | ᠰᠢᠢᠳᠪᠦᠷᠢᠯᠡᠵᠦ ᠥᠭᠪᠡ᠃ |