乌海市人民政府蒙古文网 365bet400电话_365bet亚洲官方_www.28365-365.com

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         

        365bet400电话_365bet亚洲官方_www.28365-365.com

        ᠮᠠᠨ ᠤ ᠬᠤᠲᠠ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠡ
        ᠨᠡᠶᠢᠲᠡᠯᠡᠭᠰᠡᠨ ᠴᠠᠭ᠄
        2023/4/4
             ᠡᠨᠡ ᠵᠢᠯ ᠠᠴᠠ ᠨᠠᠰᠢ᠂ ᠮᠠᠨ ᠤ ᠬᠤᠲᠠ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠣᠷᠣᠨ ᠢ ᠡᠭᠦᠳᠦᠨ ᠪᠠᠶᠢᠭᠤᠯᠬᠤ ᠶᠢ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠦᠪᠦᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠭᠠᠷᠳᠠᠴᠠ ᠪᠣᠯᠭᠠᠵᠤ᠂ ︽ᠪᠦᠲᠦᠭᠡᠨ ᠪᠠᠶᠢᠭᠤᠯᠵᠤ ᠰᠢᠨ᠎ᠡ ᠶᠢ ᠡᠭᠦᠳᠬᠦ ᠶᠢ ᠵᠡᠷᠭᠡᠪᠡᠷ ᠶᠠᠪᠤᠭᠳᠠᠭᠤᠯᠬᠤ᠂ ᠭᠤᠣᠯᠳᠠᠯᠭ᠎ᠠ ᠲᠠᠢ ᠪᠠᠷ ᠳᠡᠭᠡᠭᠰᠢᠯᠡᠭᠦᠯᠬᠦ ᠂ ᠣᠨᠴᠠᠯᠢᠭ ᠢᠶᠠᠨ ᠲᠤᠪᠤᠶᠢᠯᠭᠠᠬᠤ︾ ᠦᠨᠳᠦᠰᠦᠨ ᠰᠡᠳᠬᠢᠴᠡ ᠶᠢ ᠪᠠᠷᠢᠮᠲᠠᠯᠠᠵᠤ᠂ ᠦᠬᠠᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠢ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠣᠷᠣᠨ ᠪᠤᠯᠭᠠᠨ ᠡᠭᠦᠳᠦᠨ ᠪᠠᠶᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠪᠠ᠃      ᠮᠠᠨ ᠤ ᠬᠤᠲᠠ ᠪᠣᠯ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠬᠤᠯᠠ ᠬᠤᠲᠠ ᠮᠥᠨ᠂ ᠬᠠᠲᠤᠨ ᠭᠤᠣᠯ ᠤᠨ ᠥᠪᠥᠷ ᠮᠣᠩᠭᠤᠯ ᠳᠤ ᠣᠷᠣᠬᠤ ᠨᠢᠭᠡᠳᠦᠭᠡᠷ ᠥᠷᠲᠡᠭᠡ ᠪᠠ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠵᠠᠩᠭᠢᠯᠠᠭ᠎ᠠ ᠶᠢᠨ ᠴᠢᠭ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠨᠢᠭᠡ ᠮᠥᠨ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠣᠷᠣᠨ ᠢ ᠡᠭᠦᠳᠦᠨ ᠪᠠᠶᠢᠭᠤᠯᠬᠤ ᠳᠤ ᠲᠣᠰ ᠪᠡᠶ᠎ᠡ ᠶᠢᠨ ᠥᠪᠡᠷᠮᠢᠴᠡ ᠣᠨᠴᠠᠯᠢᠭ ᠪᠦᠬᠦᠢ ᠣᠷᠣᠨ ᠪᠠᠶᠢᠷᠢ ᠶᠢᠨ ᠳᠠᠪᠠᠭᠤᠯᠢᠭ ᠪᠠ ᠠᠵᠤ ᠦᠢᠯᠡᠰ ᠤᠨ ᠳᠠᠪᠠᠭᠤᠯᠢᠭ ᠲᠠᠢ ᠶᠤᠮ᠃ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠦᠷᠦᠭᠦᠯᠡᠬᠦ ᠨᠢᠭᠡᠴᠡ ᠪᠣᠯᠤᠭᠰᠠᠨ ᠤ ᠬᠤᠪᠢ ᠳᠤ᠂ ᠲᠤᠰᠬᠠᠢ ᠪᠠᠭ ᠢᠶᠠᠷ ᠠᠬᠢᠭᠤᠯᠵᠤ᠂ ᠭᠠᠷᠠᠭ ᠪᠦᠷᠢ ᠲᠣᠬᠢᠷᠠᠭᠤᠯᠵᠤ᠂ ᠵᠢᠷᠤᠭ ᠡᠯᠬᠦᠨ ᠰᠢᠪᠲᠤᠯᠤᠯᠳᠠ ᠬᠢᠵᠦ᠂ ᠥᠪᠡᠷᠲᠡᠭᠡᠨ ᠵᠠᠰᠠᠬᠤ ᠣᠷᠣᠨ ᠤ ᠦᠨᠡᠯᠡᠨ ᠵᠢᠱᠢᠯᠲᠡ ᠪᠠ ᠬᠦᠷᠢᠶᠡᠯᠡᠩ ᠲᠣᠭᠤᠷᠢᠭ ᠤᠨ ᠦᠨᠳᠦᠰᠦᠨ ᠱᠠᠲᠤᠨ ᠤ ᠠᠵᠢᠯ ᠢ ᠴᠢᠨᠠᠷ ᠰᠠᠶᠢᠲᠠᠢ ᠪᠡᠶᠡᠯᠡᠭᠦᠯᠵᠦ᠂ ︽ᠦᠬᠠᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠵᠢᠴᠢ ︽ᠦᠬᠠᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ︾ ᠶᠢᠨ ᠡᠬᠡ ᠨᠣᠣᠷᠠᠭ ᠢ ᠨᠠᠶᠢᠷᠠᠭᠤᠯᠤᠨ ᠵᠣᠬᠢᠶᠠᠬᠤ ᠠᠵᠢᠯ ᠢ ᠨᠢᠭᠡᠨᠲᠡ ᠪᠡᠶᠡᠯᠡᠭᠦᠯᠪᠡ᠃ 2023 ᠣᠨ ᠤ ᠦᠬᠠᠢ ᠬᠤᠳᠠ ᠶᠢᠨ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠤᠨ ᠡᠭᠦᠷᠭᠡ ᠶᠢᠨ ᠨᠠᠷᠢᠨ ᠲᠠᠩᠰᠠ ᠶᠢ ᠳᠠᠷᠤᠮᠠᠯᠯᠠᠨ ᠲᠠᠷᠬᠠᠭᠠᠵᠤ᠂ ᠡᠯ᠎ᠡ ᠠᠵᠤ ᠦᠢᠯᠡᠰ ᠤᠨ ᠬᠦᠷᠢᠶᠡᠯᠡᠩ᠂ ᠡᠯ᠎ᠡ ᠪᠦᠷᠢᠯᠳᠦᠭᠦᠨ ᠨᠢᠭᠡᠴᠡ ᠶᠢᠨ ᠡᠳᠦᠷ ᠲᠤᠳᠤᠮ ᠤᠨ ᠲᠣᠬᠢᠷᠠᠭᠤᠯᠤᠯᠲᠠ ᠪᠠᠨ ᠴᠢᠩᠭᠠᠳᠬᠠᠵᠤ᠂ ᠡᠯ᠎ᠡ ᠵᠦᠢᠯ ᠤᠨ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ 2023 ᠣᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠳᠤ ᠲᠠᠩᠰᠠᠯᠠᠭᠤᠯᠬᠤ ᠪᠠᠷ ᠴᠢᠷᠮᠠᠶᠢᠨ᠎ᠠ︔ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ︽ᠬᠤᠶᠠᠷ ᠲᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠪᠣᠶᠢᠵᠢᠭᠤᠯᠬᠤ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ 22 ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ 37 ᠳᠤᠮᠳᠠ ᠵᠢᠵᠢᠭ ᠠᠵᠤ ᠠᠬᠤᠶᠢᠯᠠᠯ ᠢ ᠨᠥᠭᠡᠴᠡᠯᠡᠬᠦ ᠪᠠᠷ ᠲᠥᠯᠥᠪᠯᠡᠵᠦ ᠪᠠᠶᠢᠨ᠎ᠠ︔ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠳᠤ ᠬᠦᠷᠴᠦ ᠤᠰᠤᠲᠥ᠋ᠷᠥᠭᠴᠢ ᠡᠨᠧᠷᠭᠢ ᠶᠢᠨ

        365bet400电话_365bet亚洲官方_www.28365-365.com

        ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠣᠯᠣᠨ ᠨᠡᠭᠦᠷᠡᠰᠦ ᠪᠠᠷ ᠰᠠᠭᠤᠷᠢ ᠪᠣᠯᠭᠠᠭᠰᠠᠨ ᠠᠮᠢᠳᠤ ᠪᠣᠳᠠᠰ ᠤᠨ ᠵᠠᠳᠠᠷᠠᠵᠤ ᠪᠣᠯᠬᠤ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠭᠤᠶᠤᠴᠢᠯᠠᠨ ᠮᠡᠳᠡᠭᠦᠯᠵᠦ ᠪᠦᠲᠦᠭᠡᠨ ᠪᠠᠶᠢᠭᠤᠯᠬᠤ ᠶᠠᠪᠤᠳᠠᠯ ᠢ ᠵᠣᠯᠭᠠᠭᠤᠯᠵᠤ᠂ ᠤᠯᠤᠰ ᠤᠨ ᠲᠠᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠴᠢᠷᠮᠠᠶᠢᠨ ᠪᠦᠲᠦᠭᠡᠨ ᠪᠠᠶᠢᠭᠤᠯᠤᠨ᠎ᠠ᠃      ᠮᠠᠨ ᠤ ᠬᠤᠲᠠ ᠰᠠᠯᠠᠭ᠎ᠠ ᠮᠥᠴᠢᠷ ᠤᠨ ᠬᠤᠯᠪᠤᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠨᠢᠭᠲᠠ ᠬᠠᠮᠵᠢᠯᠴᠠᠨ᠂ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠠᠬᠢᠭᠤᠯᠵᠤ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠤᠨ ᠴᠢᠨᠠᠷ ᠰᠠᠶᠢᠲᠠᠢ ᠪᠡᠶᠡᠯᠡᠭᠳᠡᠬᠦ ᠶᠢ ᠦᠨᠡᠨ ᠬᠦ ᠪᠠᠲᠤᠯᠠᠵᠤ᠂ ᠮᠠᠨ ᠤ ᠬᠤᠲᠠ ᠶᠢᠨ ᠠᠮᠢ ᠠᠬᠤᠢ ᠶᠢ ᠣᠷᠢᠳᠠᠪᠡᠷ ᠪᠣᠳᠤᠯᠬᠢᠯᠠᠭᠰᠠᠨ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ ᠬᠦᠴᠦᠲᠡᠢ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃
         
        ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
         
         
        ᠬᠠᠮᠢᠶ᠎ᠡ ᠪᠦᠬᠦᠢ ᠰᠣᠨᠢᠨ
         
        2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号